ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠬᠠᠯᠠᠮᠵᠢᠯᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/1/16
  ᠴᠠᠭᠠᠨ ᠰᠠᠷ᠎ᠠ ᠪᠠᠨ ᠤᠭᠳᠤᠬᠤ ᠲᠠᠰᠢᠷᠠᠮ ᠳᠤ᠂ ᠲᠠᠶᠢᠹᠤᠰᠧ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ  ᠨᠢ ᠨᠡᠶᠢᠬᠡᠮ ᠤᠨ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠭᠡᠵᠦ᠂ ᠬᠠᠪᠰᠤᠷᠤᠨ ᠲᠡᠳᠬᠦᠬᠦ  ᠴᠡᠭ ᠪᠤᠯᠬᠤ  ᠬᠤᠩ ᠴᠢ ᠪᠠᠯᠭᠠᠰᠤᠨ ᠤ ᠱᠤᠸᠠᠩ ᠾᠧ ᠲᠤᠰᠬᠤᠨ ᠳᠤ  ᠬᠦᠨᠵᠡᠬᠡᠶᠢᠷᠡᠨ  ᠂  ᠲᠠᠷᠢᠶᠠᠴᠢᠳ ᠲᠤ ᠭᠤᠯᠢᠷ ᠪᠤᠳᠠᠭ᠎ᠠ ᠵᠡᠷᠭᠡ ᠭᠡᠷᠡᠭᠯᠡᠭᠡᠨ ᠤ ᠵᠦᠢᠯ ᠢ ᠭᠠᠷᠳᠠᠭᠤᠯᠵᠤ ᠬᠠᠶᠢᠷ᠎ᠠ ᠬᠠᠯᠠᠮᠵᠢ ᠪᠠᠨ ᠬᠦᠷᠭᠡᠬᠦ ᠶᠢᠨ ᠬᠠᠮᠳᠤ ᠰᠠᠷ᠎ᠠ ᠰᠢᠨ᠎ᠡ ᠶᠢᠨ ᠮᠡᠨᠳᠦᠴᠢᠯᠡᠯ ᠵᠦᠩᠨᠡᠯ ᠢ  ᠲᠡᠪᠰᠢᠬᠦᠯᠵᠡᠢ᠃ ︽ ᠠᠷᠠᠳ ᠤᠨ ᠠᠮᠢᠳᠤᠷᠠᠯ ᠶᠠᠮᠠᠷᠬᠠᠨ ᠪᠠᠶᠢᠨ᠎ᠠ︖   ᠰᠢᠢᠳᠪᠦᠷᠢᠯᠡᠬᠦᠰᠢᠳᠡᠢ ᠬᠦᠴᠢᠷᠳᠡᠯ ᠶᠠᠭᠤ ᠪᠠᠶᠢᠭ᠎ᠠ︖  ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠳᠤ ᠬᠠᠨᠤᠮᠵᠢᠳᠠᠢ ᠤᠤ︖  ︾ ᠬᠡᠮᠡᠨ ᠲᠤᠬᠤᠨᠢᠭᠤᠯᠬᠤ ᠪᠦᠯᠬᠦᠮ ᠤᠨ ᠬᠢᠨ  ᠲᠤᠰᠬᠤᠨ ᠤ  ᠺᠠᠳ᠋ᠷ ᠨᠠᠷ ᠲᠠᠢ ᠶᠠᠷᠢᠯᠴᠠᠬᠤ ᠶᠢᠨ ᠬᠠᠮᠳᠤ᠂ ᠲᠠᠷᠠᠭ᠎ᠠ ᠠᠯᠬᠤᠮ ᠤᠨ ᠬᠠᠪᠰᠤᠷᠤᠨ ᠲᠡᠳᠬᠦᠬᠦ ᠠᠷᠭ᠎ᠠ ᠪᠤᠳᠤᠯᠭ᠎ᠠ ᠶᠢ ᠬᠠᠮᠳᠤᠪᠠᠷ ᠵᠦᠪᠯᠡᠨ᠎ᠡ᠃  ᠡᠬᠦᠨ ᠤ ᠲᠠᠭᠠᠤ ᠳᠤ᠂ ᠶᠡᠷᠦᠩᠬᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠲᠤᠬᠠᠢ ᠴᠢᠬᠤᠯᠠ ᠦᠬᠦᠯᠡᠯᠳᠡ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠠᠴᠠ ︽ᠬᠦᠳᠡᠭᠡ ᠠᠵᠤ ᠠᠬᠤᠢ᠂  ᠬᠦᠳᠡᠭᠡ ᠲᠤᠰᠬᠤᠨ᠂ ᠲᠠᠷᠢᠶᠠᠴᠢᠨ︾ ᠤ ᠠᠵᠢᠯ ᠳᠤ ᠲᠤᠷᠠᠳᠤᠭᠰᠠᠨ  ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ  ᠤᠬᠠᠭᠤᠯᠤᠨ ᠲᠠᠶᠢᠯᠪᠤᠷᠢᠯᠠᠵᠤ᠂  ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢ  ᠬᠠᠪᠰᠤᠷᠤᠨ ᠲᠡᠳᠬᠦᠬᠦ ᠠᠵᠢᠯ ᠢᠶᠠᠨ ᠰᠠᠶᠢᠳᠤᠷ ᠨᠠᠶᠢᠳᠠᠪᠤᠷᠢᠵᠢᠭᠤᠯᠵᠤ᠂ ᠦᠨᠡᠨ᠎ᠡ ᠰᠡᠳᠬᠢᠯ  ᠢᠶᠠᠷ ᠠᠷᠠᠳ ᠲᠦᠮᠡᠨ ᠳᠤ ᠦᠢᠯᠡᠴᠢᠯᠡᠨ᠂   ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠵᠦ᠂  ᠠᠷᠠᠳ ᠲᠦᠮᠡᠨ ᠤ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠬᠤ ᠭᠡᠷᠡᠭᠳᠡᠢ ᠬᠡᠵᠦ ᠱᠠᠭᠠᠷᠳᠠᠪᠠ᠃     ᠲᠠᠷᠠᠭᠠᠴᠢ   ᠪᠠᠷ᠂ ᠲᠠᠶᠢᠹᠤᠰᠧ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ  ᠂  ᠤᠷᠤᠨ ᠨᠤᠳᠤᠭ ᠤᠨ ᠮᠦᠩᠬᠦᠨ ᠬᠦᠢᠯᠭᠡᠭᠡᠨ  ᠤ ᠪᠠᠶᠢᠭᠤᠯᠤᠮᠵᠢ ᠶᠢᠨ ᠡᠬᠦᠷᠭᠡ ᠬᠠᠷᠢᠭᠤᠴᠠᠯᠭ᠎ᠠ ᠪᠠᠨ ᠦᠷᠬᠦᠯᠵᠢᠯᠡᠨ  ᠨᠠᠷᠢᠨ ᠨᠢᠮᠪᠠᠢ ᠬᠦᠢᠴᠡᠳᠭᠡᠵᠦ᠂   ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠠᠵᠢᠯ ᠢ ᠰᠠᠶᠢᠨ ᠬᠢᠬᠦ ᠶᠢᠨ ᠲᠠᠭᠠᠤ  ᠂ ᠠᠷᠠᠳ ᠲᠦᠮᠡᠨ ᠳᠤ ᠦᠢᠯᠡᠴᠢᠯᠡᠬᠦ ᠬᠠᠶᠢᠷ᠎ᠠ ᠰᠡᠳᠬᠢᠯᠭᠡ ᠶᠢ  ᠦᠢᠯᠡᠳᠦᠯᠬᠡᠵᠢᠬᠦᠯᠵᠦ᠂  ᠨᠠᠮ ᠤᠨ ᠬᠠᠶᠢᠷ᠎ᠠ ᠬᠠᠯᠠᠮᠵᠢ ᠶᠢ  ᠠᠷᠠᠳ ᠲᠦᠮᠡᠨ ᠳᠤ ᠬᠦᠷᠭᠡᠵᠦ᠂  ᠠᠷᠠᠳ ᠲᠦᠮᠡᠨ ᠤ ᠤᠯᠤᠯᠳᠠ ᠬᠦᠷᠳᠡᠮᠵᠢ ᠶᠢᠨ ᠲᠦᠷᠦᠭᠳᠡᠯ᠂  ᠠᠵᠠ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠬᠡᠢ ᠨᠡᠮᠡᠭᠳᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号