ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ︽ ᠣᠯᠠᠨ ᠲᠦᠮᠡᠨ ᠳᠤ ᠪᠣᠳᠠᠲᠠᠢ | ᠠᠵᠢᠯ ᠬᠢᠬᠦ︾ ᠣᠶᠢᠯᠠᠭᠠᠭᠳᠠᠬᠤᠨ ᠢ ᠦᠨᠡᠨᠬᠦ ᠦᠢᠯᠡᠳᠦᠯᠭᠡᠵᠢᠭᠦᠯᠬᠦ ᠶᠢᠨ ᠲᠥᠯᠥᠭᠡ᠂ ᠣᠶᠢᠷ᠎ᠠ ᠶᠢᠨ | ᠡᠳᠦᠷ ᠤᠳ ᠲᠤ ᠪᠤᠤᠴᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ | ᠨᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ ᠡᠯ᠎ᠡ ᠲᠣᠰᠬᠤᠨ ᠪᠠ ᠨᠡᠶᠢᠭᠡᠮ | ᠲᠣᠭᠤᠷᠢᠭ ᠲᠤ ᠭᠦᠨᠵᠡᠭᠡᠶᠢᠷᠡᠵᠦ᠂ ︽ᠲᠠᠪᠤ ᠳᠤ ᠬᠦᠨᠵᠡᠬᠡᠶᠢᠷᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ | ᠰᠢᠷᠢᠰ ᠠᠵᠢᠯᠯᠠᠭ᠎ᠠ ᠶᠢ ᠥᠷᠨᠢᠭᠦᠯᠵᠦ ᠪᠠᠶᠢᠨ᠎ᠠ᠃ ᠨᠢᠭᠡ ᠳᠤ᠂ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ | ᠬᠠᠯᠠᠮᠵᠢᠯᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠦᠭᠰᠡᠨ᠃ ︽ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠶᠢ ᠬᠠᠮᠲᠤᠪᠠᠷ ᠴᠤᠭᠴᠠᠯᠠᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ︾ ᠬᠠᠷᠠᠯᠲᠠ ᠶᠢ ᠤᠯᠠᠮ | ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠡᠬᠦᠷ | ᠤᠨ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠤᠰᠠᠳᠠ᠂ ᠪᠦᠦ ᠹᠧᠩ ᠨᠡᠶᠢᠭᠡᠮ ᠲᠣᠭᠤᠷᠢᠭ ᠤᠨ ᠬᠠᠮᠳᠤᠷᠠᠭᠰᠠᠨ | ᠨᠠᠮ ᠤᠨ ᠡᠬᠦᠷ ᠤᠨ ᠨᠠᠮ ᠤᠨ ᠭᠡᠰᠢᠬᠦᠳ ᠨᠢ ᠨᠡᠶᠢᠭᠡᠮ ᠲᠣᠭᠤᠷᠢᠭ ᠤᠨ ᠠᠵᠢᠯᠲᠠᠨ ᠪᠠ ᠰᠠᠶᠢᠨ ᠳᠤᠷ᠎ᠠ ᠶᠢᠨ | ᠠᠵᠢᠯᠯᠠᠭᠴᠢᠳ ᠲᠤ ᠴᠠᠭᠠᠨ ᠰᠠᠷ᠎ᠠ ᠶᠢᠨ ᠲᠤᠬᠤᠨᠢᠭᠤᠯᠭ᠎ᠠ ᠶᠢᠨ ᠡᠳ᠋ ᠪᠣᠳᠠᠰ ᠢ ᠬᠦᠷᠭᠡᠭᠰᠡᠨ ᠪᠥᠭᠡᠳ ᠲᠡᠳᠡᠨ ᠳᠤ | ᠰᠠᠷ᠎ᠠ ᠰᠢᠨ᠎ᠡ ᠶᠢᠨ ᠮᠡᠨᠳᠦᠴᠢᠯᠡᠯ ᠵᠥᠩᠨᠡᠯ ᠳᠡᠪᠰᠢᠭᠦᠯᠵᠦ᠂ ᠲᠡᠳᠡᠨ ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ | ᠵᠢᠴᠢ ᠨᠡᠶᠢᠭᠡᠮ ᠲᠣᠭᠤᠷᠢᠭ ᠤᠨ ᠠᠵᠢᠯ ᠳᠤ ᠦᠵᠡᠭᠦᠯᠦᠭᠰᠡᠨ ᠬᠤᠪᠢ ᠨᠡᠮᠡᠷᠢ ᠳᠤ ᠬᠦᠨᠳᠦᠳᠬᠡᠯ ᠲᠠᠯᠠᠷᠬᠠᠯ | ᠲᠡᠪᠰᠢᠬᠦᠯᠵᠡᠢ᠃ ᠬᠤᠶᠠᠷ ᠳᠤ᠂ ᠬᠦᠳᠡᠭᠡ ᠲᠤᠰᠬᠤᠨ ᠳᠤ ᠬᠦᠨᠵᠡᠬᠡᠶᠢᠷᠡᠵᠦ ᠲᠤᠭᠯᠠᠯᠳᠠ ᠭᠠᠷᠭᠠᠨ | ᠲᠤᠬᠤᠨᠢᠭᠤᠯᠤᠭᠰᠠᠨ ᠃ ᠪᠢᠶᠠᠨ ᠴᠢᠶᠠᠩ ᠲᠣᠰᠬᠤᠨ᠂ ᠬᠤᠩ ᠱᠧᠩ ᠲᠣᠰᠬᠤᠨ ᠳᠤ ︽ᠮᠠᠨ ᠤ ᠳᠤᠮᠳᠠᠳᠤ ᠶᠢᠨ | ᠵᠡᠭᠦᠳᠦ ︱ ᠰᠣᠶᠣᠯ ᠢ ᠲᠦᠮᠡᠨ ᠡᠷᠦᠬᠡ ᠳᠤ ᠬᠦᠷᠬᠡᠬᠦ︾ ᠭᠤᠣᠯ ᠰᠡᠳᠦᠪᠲᠦ ᠲᠤᠬᠤᠨᠢᠭᠤᠯᠭ᠎ᠠ ᠶᠢᠨ ᠲᠣᠭᠯᠠᠯᠲᠠ | ᠭᠠᠷᠭᠠᠵᠤ᠂ ᠤᠯᠠᠭᠠᠨᠮᠥ᠋ᠴᠢᠷ ᠤᠨ ᠲᠤᠭᠯᠠᠭᠴᠢᠳ ᠠᠴᠠ ᠤᠷᠠᠨ ᠭᠤᠴᠤ ᠳᠠᠭᠤᠤ ᠪᠥᠵᠢᠭ ᠤᠨ ᠲᠣᠭᠯᠠᠯᠲᠠ ᠶᠢ ᠤᠯᠠᠨ | ᠲᠦᠮᠡᠨ ᠳᠤ ᠰᠤᠨᠢᠷᠬᠠᠭᠤᠯᠤᠨ᠂ ᠤᠷᠠᠨ ᠰᠠᠶᠢᠬᠠᠨ ᠤ ᠬᠡᠯᠪᠡᠷᠢ ᠪᠠᠷ ᠥᠷᠭᠡᠨ ᠤᠯᠠᠨ ᠲᠦᠮᠡᠨ ᠢ ᠬᠠᠯᠠᠮᠵᠢᠯᠠᠵᠤ | ᠪᠠᠶᠢᠬᠤ ᠪᠠᠨ ᠢᠯᠡᠳᠬᠡᠵᠦ᠂ ᠴᠠᠭ ᠦᠶ᠎ᠡ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠤᠬᠠᠭᠤᠯᠤᠨ ᠲᠡᠯᠬᠡᠷᠡᠬᠦᠯᠵᠡᠢ᠃ | ᠭᠤᠷᠪᠠ ᠳᠤ᠂ ᠰᠠᠭᠤᠭᠠᠯᠢ ᠲᠤᠭᠤᠷᠢᠭ ᠲᠤ ᠬᠦᠨᠵᠡᠬᠡᠶᠢᠷᠡᠵᠦ ᠤᠬᠠᠭᠤᠯᠭ᠎ᠠ ᠶᠢᠨ ᠠᠵᠢᠯ ᠬᠢᠭᠰᠡᠨ᠃ ᠪᠦᠦ | ᠹᠧᠩ ᠨᠡᠶᠢᠭᠡᠮ ᠲᠣᠭᠤᠷᠢᠭ ᠲᠤ ︽ᠬᠠᠭᠤᠴᠢᠨ ᠵᠠᠩ ᠳᠠᠳᠬᠠᠯ ᠢ ᠥᠭᠡᠷᠡᠴᠢᠯᠡᠨ ᠰᠢᠨ᠎ᠡ ᠬᠡᠪ ᠰᠤᠷᠲᠠᠯ ᠢ ᠪᠤᠶ | ᠪᠣᠯᠭᠠᠵᠤ᠂ ᠪᠣᠯᠪᠠᠰᠤᠨ ᠰᠠᠶᠢᠬᠠᠨ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ︾ ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠬᠠᠭᠤᠯᠭ᠎ᠠ ᠶᠢᠨ ᠥᠩᠭᠡᠲᠦ ᠬᠠᠭᠤᠳᠠᠰᠤ | ᠲᠠᠷᠬᠠᠭᠠᠬᠤ᠂ ᠳ᠋ᠧᠩᠯᠦ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠬᠢᠵᠢᠭ ᠰᠡᠷᠭᠡᠶᠢᠯᠡᠬᠦ ᠮᠡᠳᠡᠯᠭᠡ ᠪᠠ ᠰᠢᠨ᠎ᠡ ᠲᠦᠷᠦ ᠶᠢᠨ | ᠪᠣᠳᠣᠯᠭ᠎ᠠ ᠶᠢ ᠤᠯᠠᠨ ᠲᠦᠮᠡᠨ ᠳᠤ ᠤᠬᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠠᠮᠤᠷ ᠠᠮᠤᠭᠤᠯᠠᠩ᠂ | ᠡᠷᠡᠭᠦᠯ ᠮᠡᠨᠳᠦ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠳᠤ ᠪᠠᠳᠤᠯᠠᠭ᠎ᠠ ᠬᠠᠩᠭᠠᠭᠰᠠᠨ ᠪᠠᠶᠢᠨ᠎ᠠ᠃ | ᠲᠦᠷᠪᠡ ᠳᠤ᠂ ᠠᠶᠢᠯ ᠡᠷᠦᠬᠡ ᠪᠠᠷ ᠬᠦᠨᠵᠡᠬᠡᠶᠢᠷᠡᠵᠦ ᠡᠮ ᠲᠠᠩ ᠬᠦᠷᠭᠡᠭᠰᠡᠨ᠃ ᠶᠠᠳᠠᠭᠤ ᠬᠦᠴᠢᠷᠳᠡᠯᠲᠡᠢ ᠤᠯᠠᠨ | ᠲᠦᠮᠡᠨ ᠳᠤ ᠠᠴᠢ ᠲᠤᠰᠠ ᠬᠦᠷᠳᠡᠭᠡᠬᠦ ᠶᠢᠨ ᠲᠥᠯᠥᠭᠡ᠂ ︽ᠬᠠᠯᠠᠭᠤᠨ ᠰᠡᠳᠬᠢᠯᠳᠦ ᠰᠠᠯᠪᠤᠷᠢ ᠠᠩᠭᠢ︾ ᠶᠢ | ᠪᠠᠶᠢᠭᠤᠯᠵᠤ᠂ ᠪᠦᠦ ᠹᠧᠩ ᠨᠡᠶᠢᠭᠡᠮ ᠲᠣᠭᠤᠷᠢᠭ ᠤᠨ 65 ᠨᠠᠰᠤᠨ ᠠᠴᠠ ᠳᠡᠭᠡᠭᠰᠢᠬᠢ ᠭᠤᠣᠯᠳᠠᠯᠭ᠎ᠠ ᠲᠠᠢ | ᠬᠥᠮᠥᠰ ᠤᠨ ᠭᠡᠷ ᠢᠶᠠᠷ ᠲᠤᠭᠤᠷᠢᠵᠤ᠂ ᠬᠠᠯᠠᠮᠵᠢᠯᠠᠨ ᠲᠣᠬᠤᠨᠢᠭᠤᠯᠵᠤ ᠬᠠᠪᠰᠤᠷᠤᠨ ᠲᠡᠳᠬᠦᠬᠦ ᠰᠠᠶᠢᠨ ᠲᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠨ᠂ ᠭᠤᠣᠯᠳᠠᠯᠭ᠎ᠠ ᠲᠠᠢ ᠬᠥᠮᠥᠰ ᠲᠤ ᠡᠮ ᠲᠠᠩ ᠬᠦᠷᠭᠡᠭᠡᠳ᠂ | ᠬᠦᠴᠢᠷᠳᠡᠯ ᠲᠠᠢ ᠣᠯᠠᠨ ᠲᠦᠮᠡᠨ ᠳᠤ ᠡᠳ᠋ ᠪᠣᠳᠠᠰ ᠤᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ | ᠲᠡᠳᠡᠨ ᠳᠤ ᠣᠶᠤᠨ ᠰᠠᠨᠠᠭᠠᠨ ᠤ ᠲᠠᠶᠢᠳᠬᠤᠷᠠᠭᠤᠯᠤᠯ ᠣᠯᠭᠤᠵᠤ᠂ ᠨᠠᠮ ᠤᠨ ᠬᠠᠶᠢᠷ᠎ᠠ ᠬᠠᠯᠠᠮᠵᠢ ᠶᠢ ᠣᠯᠠᠨ | ᠲᠦᠮᠡᠨ ᠤ ᠳᠡᠷᠭᠡᠳᠡ ᠦᠨᠡᠨ ᠬᠦ ᠬᠦᠷᠭᠡᠭᠰᠡᠨ ᠪᠠᠶᠢᠨ᠎ᠠ᠃ ᠲᠠᠪᠤ ᠳᠤ᠂ ᠤᠯᠠᠨ ᠲᠦᠮᠡᠨ ᠤ ᠲᠤᠮᠳᠠ | ᠬᠦᠨᠵᠡᠬᠡᠶᠢᠷᠡᠵᠦ ᠬᠤᠤᠰ ᠤᠶᠠᠩᠭ᠎ᠠ᠂ ᠦᠩᠭᠡᠳᠦ ᠳ᠋ᠧᠩᠯᠦ᠂ ᠴᠣᠩᠬᠤᠨ ᠬᠤᠸᠠᠷ ᠬᠦᠷᠭᠡᠭᠰᠡᠨ᠃ ᠳᠤᠮᠳᠠᠳᠤ ᠶᠢᠨ | ᠤᠯᠠᠮᠵᠢᠯᠠᠯᠲᠤ ᠰᠣᠶᠣᠯ ᠢ ᠤᠯᠠᠮᠵᠢᠯᠠᠨ ᠲᠡᠯᠬᠡᠷᠡᠬᠦᠯᠬᠦ ᠶᠢᠨ ᠲᠥᠯᠥᠭᠡ᠂ ᠪᠢᠶᠠᠨ ᠴᠢᠶᠠᠩ ᠲᠣᠰᠬᠤᠨ᠂ ᠬᠤᠩ ᠱᠧᠩ | ᠲᠣᠰᠬᠤᠨ ᠳᠤ ︽ᠬᠤᠣᠰ ᠤᠶᠠᠩᠭ᠎ᠠ ᠪᠢᠴᠢᠬᠦ᠂ ᠴᠣᠩᠬᠤᠨ ᠬᠤᠸᠠᠷ ᠬᠠᠶᠢᠴᠢᠯᠠᠬᠤ᠂ ᠦᠩᠬᠡᠳᠦ ᠳ᠋ᠧᠩᠯᠦ ᠬᠦᠷᠭᠡᠬᠦ︾ | ᠠᠵᠢᠯᠯᠠᠭ᠎ᠠ ᠶᠢ ᠦᠷᠨᠢᠬᠦᠯᠵᠦ᠂ ᠤᠷᠤᠨ ᠠᠶᠢᠮᠠᠭ ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠤᠯᠠᠮᠵᠢᠯᠠᠭᠴᠢ ᠨᠠᠷ ᠠᠴᠠ ᠲᠣᠰᠬᠤᠨ ᠤ ᠠᠷᠠᠳ ᠳᠤ ᠦᠪᠡᠷ ᠦᠪᠡᠷ ᠤᠨ ᠪᠦᠳᠦᠬᠡᠯ ᠢᠶᠠᠨ ᠦᠨ᠎ᠡ ᠲᠦᠯᠦᠪᠦᠷᠢ | ᠦᠬᠡᠢ ᠪᠡᠯᠡᠭᠯᠡᠭᠡᠳ᠂ ᠠᠬᠤᠢ ᠲᠠᠯᠠᠪᠠᠢ ᠪᠠᠶᠠᠷ ᠬᠦᠷ ᠢᠶᠠᠷ ᠪᠢᠯᠬᠠᠵᠤ ᠪᠠᠶᠢᠯ᠎ᠠ᠃ |