ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠶᠢᠹᠤᠰᠧ ᠬᠤᠰᠢᠭᠤᠨ ᠳᠤ ᠪᠠᠶᠢᠴᠠᠭᠠᠯᠳᠠ ᠪᠠ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/1/17
     ᠴᠠᠭᠠᠨ ᠰᠠᠷ᠎ᠠ ᠬᠦᠷᠴᠦ ᠢᠷᠡᠬᠦ ᠲᠠᠰᠢᠷᠠᠮ  ᠳᠤ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨᠨ ᠤ ᠳᠡᠳ᠋ ᠳᠠᠷᠤᠭ᠎ᠠ ᠶᠤᠸᠠᠨ ᠳ᠋ᠣᠣ ᠶᠦᠩ  ᠵᠡᠷᠭᠡ ᠬᠦᠮᠦᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ᠂  ᠴᠠᠭᠠᠨ ᠰᠠᠷ᠎ᠠ  ᠶᠢᠨ ᠬᠤᠭᠤᠴᠠᠭᠠᠨ ᠳᠠᠬᠢ ᠢᠳᠡᠭᠡᠨ ᠪᠠ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ᠂ ᠦᠨ᠎ᠡ ᠬᠠᠩᠰᠢ ᠬᠢᠭᠡᠳ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠵᠡᠷᠭᠡ ᠭᠤᠣᠯᠳᠠᠯᠭ᠎ᠠ ᠲᠠᠢ ᠠᠵᠢᠯ ᠢ ᠱᠠᠭᠠᠷᠠᠳᠠᠨ ᠪᠠᠶᠢᠴᠠᠭᠠᠬᠤ ᠶᠢᠨ ᠬᠠᠮᠲᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠳ ᠢ ᠬᠠᠯᠠᠮᠵᠢᠯᠠᠨ ᠲᠣᠬᠤᠨᠢᠭᠤᠯᠵᠠᠢ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠲᠠᠶᠢᠹᠤᠰᠧ ᠬᠤᠰᠢᠭᠤᠨ ᠤ ᠬᠡᠰᠡᠭ ᠲᠡᠯᠬᠡᠬᠦᠷ ᠬᠤᠳᠠᠯᠳᠤᠭ᠎ᠠ ᠪᠠ ᠡᠮ ᠤᠨ ᠫᠦᠰᠡ᠂ ᠡᠮᠨᠡᠯᠭᠡ ᠶᠢᠨ ᠭᠠᠵᠠᠷ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠬᠡᠷᠡᠭᠯᠡᠬᠦ ᠨᠢᠭᠡᠴᠡ ᠵᠡᠷᠭᠡ ᠶᠢ  ᠱᠠᠭᠠᠷᠳᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠪᠡ᠃ ᠶᠤᠸᠠᠨ ᠳ᠋ᠣᠣ ᠶᠦᠩ  ᠴᠢᠬᠤᠯᠠᠴᠢᠯᠠᠬᠤ ᠳᠠᠭᠠᠨ᠂ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠦᠷᠨᠢᠬᠦᠯᠦᠨ  ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠬᠤ ᠬᠡᠷᠡᠭᠲᠡᠢ᠃   ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠤᠯᠠᠮ ᠰᠠᠶᠢᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠪᠥᠬᠦ ᠬᠤᠰᠢᠭᠤᠨ ᠤ ᠠᠷᠠᠳ ᠲᠦᠮᠡᠨ ᠤ ᠠᠮᠤᠷ ᠠᠮᠤᠭᠤᠯᠠᠩ᠂ ᠡᠷᠡᠭᠦᠯ ᠮᠡᠨᠳᠦ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃  ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠶᠦᠩ ᠹᠧᠩ ᠪᠠᠯᠭᠠᠰᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠲᠠ ᠶᠢᠨ ᠰᠠᠯᠪᠤᠷᠢ ᠳᠤ ᠬᠦᠷᠴᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠳ ᠢ ᠬᠠᠯᠠᠮᠵᠢᠯᠠᠨ ᠲᠤᠬᠤᠨᠢᠭᠤᠯᠵᠤ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠵᠦᠩᠨᠡᠯ ᠢ ᠬᠦᠷᠭᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号