ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠠᠨ ᠶᠦᠩ ᠲᠣᠰᠬᠤᠨ ᠳᠤ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/1/17
   1 ᠰᠠᠷ᠎ᠠ ᠶᠢᠨ 15 ᠤ ᠡᠳᠦᠷ᠂  ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠨ᠂ ᠪᠠᠶᠢᠭᠤᠯᠭ᠎ᠠ ᠶᠢᠨ ᠨᠠᠮ ᠤᠨ  ᠬᠤᠷᠢᠶᠠᠨ ᠤ ᠱᠦᠵᠢ ᠾᠧᠦ ᠢᠦᠢ ᠫᠢᠩ᠂  ᠲᠦᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠡᠷᠳᠡᠨᠢ ᠵᠡᠷᠭᠡ ᠬᠥᠮᠥᠰ ᠬᠠᠪᠰᠤᠷᠤᠨ ᠲᠡᠳᠬᠦᠬᠦ ᠴᠡᠭ ᠪᠤᠯᠬᠤ ᠶᠦᠩ ᠹᠧᠩ ᠪᠠᠯᠭᠠᠰᠤᠨ ᠤ ᠰᠠᠨ ᠶᠦᠩ ᠲᠣᠰᠬᠤᠨ ᠳᠤ  ᠬᠦᠨᠵᠡᠬᠡᠶᠢᠷᠡᠵᠦ᠂ ︽ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠬᠦᠷᠭᠡᠬᠦ︾  ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠬᠤᠨᠢᠭᠤᠯᠬᠤ  ᠪᠦᠯᠬᠦᠮ ᠤᠨ ᠬᠢᠨ ᠰᠠᠨ ᠶᠦᠩ ᠲᠣᠰᠬᠤᠨ ᠤ  ᠶᠠᠳᠠᠭᠤ ᠠᠴᠠ ᠠᠩᠭᠢᠵᠢᠷᠠᠭᠰᠠᠨ ᠡᠷᠦᠬᠡ ᠤᠳ ᠲᠠᠢ  ᠲᠤᠳᠤᠨᠤᠰᠤᠭ ᠢᠶᠠᠷ  ᠶᠠᠷᠢᠯᠴᠠᠨ᠂ ᠲᠡᠳᠡᠨ ᠳᠤ  ᠲᠤᠬᠤᠨᠢᠭᠤᠯᠭ᠎ᠠ ᠶᠢᠨ ᠮᠥᠩᠭᠦ  ᠪᠠ ᠪᠤᠳᠠᠭ᠎ᠠ᠂  ᠰᠦ ᠵᠡᠷᠭᠡ  ᠲᠤᠬᠤᠨᠢᠭᠤᠯᠭ᠎ᠠ ᠶᠢᠨ ᠪᠣᠳᠠᠰ ᠢ ᠬᠦᠷᠭᠡᠵᠦ᠂ ᠪᠠᠶᠠᠷ ᠤᠨ ᠡᠳᠦᠷ ᠤᠨ ᠮᠡᠨᠳᠦᠴᠢᠯᠡᠯ ᠵᠦᠩᠨᠡᠯ  ᠲᠡᠪᠰᠢᠬᠦᠯᠦᠭᠰᠡᠨ ᠤ ᠬᠠᠮᠳᠤ᠂  ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂  ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠯᠠᠮᠵᠢᠯᠠᠨ ᠤᠬᠠᠭᠤᠯᠵᠤ᠂ ᠨᠠᠮ ᠵᠠᠰᠠᠭ ᠤᠨ ᠬᠠᠯᠠᠮᠵᠢᠯᠠᠯ᠂ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ  ᠬᠢᠭᠡᠳ ᠲᠠᠯ᠎ᠠ ᠲᠠᠯ᠎ᠠ ᠶᠢᠨ ᠬᠢᠨ ᠤ ᠬᠠᠪᠰᠤᠷᠤᠯᠭ᠎ᠠ ᠳᠡᠮᠵᠢᠯᠭᠡ ᠳᠣᠣᠷ᠎ᠠ᠂  ᠠᠵᠤ ᠠᠮᠢᠳᠤᠷᠠᠯ ᠯᠠᠪᠲᠠᠢ ᠤᠯᠠᠮ ᠠᠴᠠ ᠤᠯᠠᠮ ᠰᠠᠶᠢᠵᠢᠷᠠᠬᠤ ᠪᠣᠯᠣᠨ᠎ᠠ ᠬᠡᠵᠦ ᠲᠡᠳᠡᠨ ᠢ ᠵᠣᠷᠢᠭᠵᠢᠭᠤᠯᠤᠨ ᠢᠲᠡᠭᠡᠯ ᠵᠣᠷᠢᠭ ᠢ ᠨᠢ ᠪᠠᠳᠤᠳᠬᠠᠵᠠᠢ᠃ ᠲᠣᠬᠤᠨᠢᠭᠤᠯᠬᠤ  ᠪᠦᠯᠬᠦᠮ ᠤᠨ ᠬᠢᠨ ᠪᠠᠰᠠ ᠲᠣᠰᠬᠤᠨ ᠳᠤ ᠰᠠᠭᠤᠭ᠎ᠠ ᠺᠠᠳ᠋ᠷᠴᠤᠳ ᠢ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠲᠣᠰᠬᠤᠨ ᠢ ᠬᠠᠪᠰᠤᠷᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠰᠠᠶᠢᠨ ᠠᠷᠭ᠎ᠠ ᠪᠣᠳᠣᠯᠭ᠎ᠠ ᠶᠢ ᠬᠠᠶᠢᠵᠤ᠂ ᠲᠣᠰᠬᠤᠨ ᠤ ᠠᠷᠠᠳ ᠢ ᠳᠠᠭᠠᠭᠤᠯᠤᠨ ᠪᠠᠶᠠᠵᠢᠬᠤ ᠬᠡᠷᠡᠭᠲᠡᠢ ᠬᠡᠵᠦ ᠵᠠᠬᠢᠭᠰᠠᠨ ᠪᠠᠶᠢᠨ᠎ᠠ᠃  ᠡᠨᠡ  ᠤᠳᠠᠭᠠᠨ ᠤ  ᠲᠤᠬᠤᠨᠢᠭᠤᠯᠭ᠎ᠠ   ᠪᠠᠷ ᠲᠠᠮᠵᠢᠭᠠᠳ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠠᠪᠰᠤᠷᠤᠨ ᠲᠡᠳᠬᠦᠬᠦ ᠪᠠᠶᠢᠭᠤᠯᠭ᠎ᠠ ᠪᠣᠯᠤᠭᠰᠠᠨ ᠤ ᠬᠤᠪᠢ ᠳᠤ ᠰᠠᠨ ᠶᠦᠩ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ᠂ ᠲᠣᠰᠬᠤᠨ ᠤ ᠤᠳᠤᠷᠢᠳᠬᠤ ᠪᠠᠭ ᠵᠢᠴᠢ ᠲᠣᠰᠬᠤᠨ ᠳᠤ ᠰᠠᠭᠤᠭ᠎ᠠ ᠺᠠᠳ᠋ᠷ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ  ᠬᠦᠷᠭᠡᠨ᠂  ᠡᠯ᠎ᠡ ᠲᠦᠷᠦᠯ ᠤᠨ ᠠᠵᠢᠯ ᠦᠢᠯᠡᠰ ᠢᠶᠠᠨ ᠰᠠᠶᠢᠲᠤᠷ  ᠡᠷᠬᠢᠯᠡᠬᠦ ᠢᠲᠡᠭᠡᠯ ᠵᠣᠷᠢᠭ ᠢ ᠨᠢ ᠴᠢᠨᠠᠭᠰᠢᠳᠠ ᠨᠡᠮᠡᠭᠳᠡᠭᠦᠯᠵᠡᠢ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠲᠤᠪᠴᠢᠶ᠎ᠠ᠂ ᠶᠦᠩ ᠹᠧᠩ ᠪᠠᠯᠭᠠᠰᠤᠨ ᠤ ᠬᠠᠷᠢᠭᠤᠴᠠᠯᠭᠠᠳᠠᠨ ᠪᠠᠷ᠎ᠠ ᠪᠣᠯᠵᠤ ᠲᠣᠬᠤᠨᠢᠭᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号