ᠪᠤᠤᠴᠠᠩ ᠰᠣᠶᠣᠯ ᠤᠨ ᠴᠡᠴᠡᠷᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠤᠨ ᠬᠠᠮᠤᠭ ᠲᠡᠭᠡᠳᠦ ᠱᠠᠩᠨᠠᠯ ᠢ ᠬᠦᠷᠳᠡᠭᠰᠡᠨ
ᠨᠡᠶᠢᠲᠡᠯᠡᠭᠰᠡᠨ ᠴᠠᠭ᠄
2023/1/17
   ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠬᠦᠷᠲᠡᠭᠰᠡᠳ ᠢ ᠨᠡᠶᠢᠳᠡᠯᠡᠬᠦ ᠳᠤ ︽ ᠲᠠᠶᠢᠹᠤᠰᠧ ᠬᠤᠰᠢᠭᠤᠨ ᠤ  ᠪᠤᠤᠴᠠᠩ  ᠪᠠᠯᠭᠠᠰᠤᠨ ᠤ ᠠᠮᠢ ᠠᠬᠤᠢ ᠶᠢᠨ ᠤᠰᠤᠨ ᠤ ᠰᠢᠰᠲ᠋ᠧᠮ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ PPP ᠲᠥᠷᠥᠯ ᠵᠦᠢᠯ︾ ᠨᠡᠷᠡᠰ ᠤᠨ ᠵᠢᠭᠰᠠᠭᠠᠯᠲᠠ ᠳᠤ ᠣᠷᠣᠵᠤ ᠱᠠᠩᠨᠠᠯ ᠬᠦᠬᠢᠬᠦᠯᠦᠯ ᠲᠤᠰᠤᠭᠰᠠᠨ ᠪᠠᠶᠢᠨ᠎ᠠ᠃ ᠲᠣᠰ ᠲᠥᠷᠥᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠰᠢᠯᠭᠠᠷᠠᠭᠤᠯᠤᠭᠰᠠᠨ 2021 ᠣᠨ ᠤ ᠬᠤᠶᠠᠳᠤᠭᠠᠷ ᠪᠦᠯᠦᠭ ᠤᠨ ᠱᠠᠩᠨᠠᠯ ᠭᠥᠷᠳᠡᠭᠰᠡᠨ ᠲᠥᠷᠥᠯ ᠵᠦᠢᠯ ᠪᠣᠯᠬᠤ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠤᠨ ᠬᠦᠷᠢᠶᠡᠨ ᠳᠠᠬᠢ ᠬᠠᠮᠤᠭ ᠤᠨ ᠲᠡᠭᠡᠳᠦ ᠱᠠᠩᠨᠠᠯ   ᠢ ᠬᠦᠷᠳᠡᠭᠰᠡᠨ ᠲᠦᠷᠦᠯ ᠵᠦᠢᠯ ᠪᠣᠯᠣᠨ᠎ᠠ᠃  ᠪᠤᠤᠴᠠᠩ ᠰᠤᠶᠤᠯ  ᠤᠨ ᠴᠡᠴᠡᠷᠯᠢᠭ ᠨᠢ ᠬᠤᠰᠢᠭᠤ ᠲᠣᠭᠤᠷᠢᠭ ᠤᠨ ᠵᠡᠭᠦᠨ ᠡᠮᠦᠨ᠎ᠡ  ᠪᠡᠶ᠎ᠡ ᠳᠤ ᠪᠠᠷᠢᠯᠠᠨ᠂  ᠶᠡᠷᠦᠩᠬᠡᠢ ᠲᠠᠯᠠᠪᠠᠶ ᠨᠢ ᠪᠠᠷᠤᠭ 30 ᠲᠦᠮᠡᠨ ᠬᠠᠪᠳᠠᠭᠠᠢ ᠳᠥᠷᠪᠡᠯᠵᠢᠨ ᠮᠧᠲᠷ᠂  ᠣᠷᠳᠣ ᠨᠢ 1.2 ᠺᠢᠯᠣᠮᠧᠲᠷ ᠤᠷᠴᠢᠮ  ᠪᠠᠶᠢᠵᠤ᠂ ᠠᠮᠢ ᠠᠬᠤᠢ   ᠶᠢᠨ ᠬᠠᠮᠠᠭᠠᠯᠠᠯᠳᠠ᠂ ᠰᠡᠯᠡᠭᠦᠴᠡᠯ ᠵᠢᠭᠤᠯᠴᠢᠯᠠᠯ᠂  ᠰᠣᠶᠣᠯ ᠤᠨ ᠦᠵᠡᠭᠦᠯᠦᠯᠭᠡ᠂ ᠤᠰᠤ ᠶᠢ ᠲᠠᠬᠢᠨ ᠠᠰᠢᠭᠯᠠᠬᠤ᠂  ᠪᠡᠶ᠎ᠡ  ᠴᠢᠬᠢᠷᠠᠭᠵᠢᠭᠤᠯᠬᠤ  ᠂ ᠦᠶᠡᠷ ᠢ  ᠰᠡᠷᠭᠡᠶᠢᠯᠡᠬᠦ ᠵᠡᠷᠭᠡ ᠣᠯᠠᠨ ᠴᠢᠳᠠᠮᠵᠢ ᠶᠢ ᠨᠢᠭᠡ   ᠴᠤᠭᠴᠠᠵᠢᠭᠤᠯᠤᠭᠰᠠᠨ ︽ᠬᠤᠶᠠᠷ ᠲᠣᠭᠤᠷᠢᠭ᠂ ᠳᠥᠷᠪᠡᠨ ᠪᠦᠰᠡ᠂ ᠭᠤᠴᠢᠨ ᠭᠤᠷᠪᠠᠨ ᠦᠵᠡᠮᠵᠢ︾  ᠬᠤᠪᠢᠶᠠᠵᠠᠢ ᠃  ᠴᠡᠴᠡᠷᠯᠢᠭ ᠤᠨ PPP ᠲᠦᠷᠦᠯ ᠵᠦᠢᠯ ᠢ 2019 ᠣᠨ ᠳᠤ ᠡᠬᠢᠯᠡᠭᠦᠯᠵᠦ᠂ 2020 ᠣᠨ ᠤ ᠰᠡᠭᠦᠯᠴᠢ ᠪᠠᠷ ᠪᠠᠷᠢᠯᠭ᠎ᠠ ᠳᠠᠭᠤᠰᠬᠠᠬᠤ ᠶᠢᠨ ᠬᠠᠮᠲᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃  ᠲᠤᠰ ᠴᠡᠴᠡᠷᠯᠢᠭ ᠤᠨ ᠪᠠᠶᠢᠭᠤᠯᠤᠭᠳᠠᠭᠰᠠᠨ ᠨᠢ  ᠪᠤᠤᠴᠠᠩ ᠪᠠᠯᠭᠠᠰᠤᠨ ᠳᠤ ᠤᠰᠤᠨ ᠤ ᠦᠵᠡᠮᠵᠢ ᠦᠭᠡᠢ ᠪᠠᠶᠢᠭᠰᠠᠨ ᠲᠡᠦᠬᠡ ᠶᠢ  ᠡᠴᠦᠰᠯᠡᠬᠦᠯᠦᠭᠡᠳ᠂  ᠪᠤᠤᠴᠠᠩ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂  ᠬᠤᠳᠠ ᠪᠠᠯᠭᠠᠰᠤᠨ ᠤ ᠴᠢᠨᠠᠷ ᠳᠡᠰ ᠢ ᠮᠡᠳᠡᠭᠳᠡᠮ᠎ᠡ ᠲᠡᠭᠡᠭᠰᠢᠯᠡᠬᠦᠯᠦᠨ᠂ ᠠᠵᠤ ᠠᠬᠤᠢ ᠂ ᠠᠮᠢ ᠠᠬᠤᠢ ᠂ ᠨᠡᠶᠢᠭᠡᠮ ᠤᠨ ︽ᠤᠯᠠᠨ ᠲᠠᠯ᠎ᠠ ᠪᠠᠷ ᠠᠰᠢᠭ ᠬᠦᠷᠳᠡᠬᠦ︾ ᠬᠠᠷᠠᠯᠲᠠ ᠶᠢ ᠪᠡᠶᠡᠯᠡᠭᠦᠯᠵᠦ᠂ ᠠᠷᠠᠳ ᠤᠯᠠᠨ ᠤ  ᠠᠵᠠ ᠵᠢᠷᠭᠠᠯ ᠤᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号