ᠬᠠᠤᠯᠢ  ᠭᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ ᠴᠠᠭᠠᠨ ᠰᠠᠷ᠎ᠠ ᠶᠢᠨ ᠬᠤᠭᠤᠴᠠᠭᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2023/1/17
   ᠴᠠᠭᠠᠨ ᠰᠠᠷ᠎ᠠ ᠶᠢᠨ ᠬᠤᠭᠤᠴᠠᠭᠠᠨ ᠳᠤ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂  ᠤᠶᠢᠷ᠎ᠠ ᠳᠤ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠢᠳᠡᠭᠡᠨ ᠪᠠ ᠡᠮ ᠤᠨ ᠵᠦᠢᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠦᠬᠡᠷ ᠬᠤᠨᠢᠨ ᠮᠢᠬᠠᠨ ᠤ ᠳᠡᠯᠭᠡᠭᠦᠷ᠂ ᠵᠢᠮᠢᠰ ᠨᠤᠭᠤᠭᠠᠨ ᠤ ᠳᠡᠯᠭᠡᠭᠦᠷ᠂ ᠡᠮ ᠤᠨ ᠳᠡᠯᠭᠡᠭᠦᠷ ᠵᠡᠷᠭᠡ   ᠳᠤ ᠭᠦᠨᠵᠡᠭᠡᠶᠢᠷᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠪᠠᠷ ᠨᠡᠯᠢᠶᠡᠳ ᠶᠡᠭᠡ ᠪᠠᠶᠢᠳᠠᠭ  ᠤᠯᠠᠭᠠᠨ ᠢᠳᠡᠭᠡᠨ᠂ ᠴᠠᠭᠠᠨ ᠢᠳᠡᠭᠡᠨ᠂ ᠬᠥᠯᠳᠡᠭᠡᠭᠰᠡᠨ ᠢᠳᠡᠭᠡᠨ᠂ ᠠᠮᠤ ᠲᠤᠰᠤ  ᠵᠢᠴᠢ   ᠡᠮ ᠤᠨ ᠵᠦᠢᠯ ᠢᠶᠠᠷ ᠭᠤᠣᠯᠳᠠᠯᠭ᠎ᠠ ᠪᠣᠯᠭᠠᠨ ᠪᠠᠶᠢᠴᠠᠭᠠᠵᠤ᠂  ᠪᠠᠷᠠᠭ᠎ᠠ ᠲᠠᠸᠠᠷ ᠤᠨ ᠢᠷᠡᠯᠲᠡ᠂ ᠣᠷᠣᠭᠤᠯᠤᠭᠰᠠᠨ ᠠᠷᠭ᠎ᠠ ᠵᠠᠮ ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠶᠢ ᠪᠥᠬᠦ ᠲᠠᠯ᠎ᠠ ᠪᠠᠷ   ᠪᠠᠶᠢᠴᠠᠭᠠᠬᠤ ᠶᠢᠨ ᠬᠠᠮᠳᠤ᠂ ᠡᠵᠡᠩᠨᠡᠭᠴᠢᠳ ᠢ ᠬᠠᠷᠢᠭᠤᠴᠠᠯᠭ᠎ᠠ ᠶᠢᠨ ᠤᠬᠠᠮᠰᠠᠷ ᠪᠠ ᠠᠮᠤᠷ ᠲᠦᠪᠰᠢᠨ ᠤ ᠤᠬᠠᠮᠰᠠᠷ   ᠢᠶᠠᠨ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ  ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠪᠣᠭᠤᠮᠲᠠ᠂ ᠡᠷᠡᠭᠦᠯ ᠮᠡᠨᠳᠦ ᠶᠢᠨ ᠪᠣᠭᠤᠮᠲᠠ᠂ ᠪᠠᠷᠠᠭ᠎ᠠ ᠣᠷᠣᠭᠤᠯᠬᠤ ᠪᠣᠭᠤᠮᠲᠠ᠂ ᠬᠠᠳᠠᠭᠠᠯᠠᠬᠤ ᠪᠣᠭᠤᠮᠲᠠ ᠵᠡᠷᠭᠡ ᠭᠤᠭᠴᠤᠭ᠎ᠠ ᠳᠤ ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠬᠤ ᠶᠢ ᠴᠢᠩᠭ᠎ᠠ ᠠᠳᠬᠤᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ  ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃  ᠡᠨᠡ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ  ᠱᠠᠭᠠᠷᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠢ ᠬᠤᠶᠠᠷ ᠬᠤᠪᠢ ᠪᠠᠭᠤᠯᠭᠠᠵᠠᠢ᠃ ᠪᠠᠶᠢᠴᠠᠭᠠᠯᠲᠠ ᠪᠠᠷ  ᠲᠠᠮᠵᠢᠭᠠᠳ᠂ ᠬᠠᠷᠢᠶ᠎ᠠ ᠣᠷᠣᠨ ᠤ ᠪᠠᠨ ᠢᠳᠡᠭᠡᠨ ᠪᠠ ᠡᠮ ᠤᠨ ᠵᠦᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂  ᠰᠠᠯᠠᠭ᠎ᠠ ᠮᠦᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠬᠢᠨᠠᠨ ᠬᠠᠮᠢᠶᠠᠷᠬᠤ  ᠬᠢᠷᠢ ᠴᠢᠳᠠᠪᠤᠷᠢ ᠶᠢ ᠳᠡᠭᠡᠭᠰᠢᠯᠡᠭᠦᠯᠵᠦ᠂  ᠣᠯᠠᠨ ᠲᠦᠮᠡᠨ ᠤ ᠢᠳᠡᠭᠡᠨ ᠤᠮᠳᠠᠭᠠᠨ ᠪᠠ ᠡᠷᠡᠭᠦᠯ ᠮᠡᠨᠳᠦ ᠶᠢᠨ ᠠᠮᠤᠷ ᠲᠦᠪᠰᠢᠨ ᠳᠤ ᠪᠠᠲᠤᠯᠠᠭ᠎ᠠ ᠬᠠᠩᠭᠠᠨ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号