ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/1/18
ᠥᠷᠭᠡᠨ ᠤᠯᠠᠨ ᠰᠠᠭᠤᠭᠠᠯᠢ ᠠᠷᠠᠳ ᠮᠢᠨᠢ᠄     ᠰᠠᠶᠢᠨ ᠪᠠᠶᠢᠵᠠᠭᠠᠨ᠎ᠠ ᠤᠤ  ︖  ᠰᠠᠶᠢᠬᠠᠨ ᠡᠪᠦᠯᠵᠢᠵᠦ ᠪᠠᠶᠢᠨ᠎ᠠ ᠤᠤ︖ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠦᠯᠵᠡᠢ ᠪᠡᠯᠭᠡᠳᠦ ᠡᠨᠡ ᠮᠦᠴᠡ ᠪᠠᠷ᠂  ᠲᠠ ᠪᠦᠬᠦᠨ ᠳᠡᠭᠡᠨ ᠰᠠᠷ᠎ᠠ ᠰᠢᠨ᠎ᠡ ᠶᠢᠨ ᠮᠡᠨᠳᠦᠴᠢᠯᠡᠯ  ᠵᠥᠩᠨᠡᠯ ᠢ ᠬᠦᠨᠳᠦᠳᠬᠡᠨ ᠲᠡᠪᠰᠢᠬᠦᠯᠬᠦ ᠶᠢᠨ ᠬᠠᠮᠳᠤ᠂ ᠠᠮᠤᠷ ᠲᠦᠪᠰᠢᠨ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠲᠤᠬᠠᠢ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠯ᠎ᠠ᠄     ᠨᠢᠭᠡ᠂  ᠭᠠᠳᠠᠭᠰᠢ ᠭᠠᠷᠬᠤ ᠳᠠᠭᠠᠨ  ᠢᠯᠡᠬᠦᠦ ᠠᠩᠬᠠᠷᠤᠨ᠎ᠠ᠃    1. ᠵᠠᠮ ᠬᠠᠷᠢᠯᠴᠠᠭᠠᠨ ᠤ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠠᠷ   ᠠᠴᠠ ᠪᠠᠨ ᠵᠢᠷᠤᠮᠯᠠᠨ᠂  ᠪᠣᠯᠭᠤᠮᠵᠢᠲᠠᠢ ᠵᠢᠯᠤᠭᠤᠳᠴᠤ᠂ ᠪᠣᠯᠪᠠᠰᠤᠨ ᠢᠶᠠᠷ ᠠᠶᠠᠯᠠᠨ᠂  ᠬᠠᠮᠠᠭᠠᠯᠠᠯᠳᠠ ᠶᠢᠨ ᠪᠦᠰᠡ ᠪᠠᠨ ᠰᠠᠶᠢᠨ ᠪᠦᠰᠡᠯᠡᠵᠦ᠂ ᠬᠤᠷᠳᠤᠴᠠ ᠬᠡᠲᠦᠷᠡᠬᠦ᠂ ᠳᠠᠭᠠᠭᠠᠴᠠ ᠬᠡᠲᠦᠷᠡᠬᠦ᠂  ᠶᠠᠳᠠᠷᠠᠵᠤ ᠵᠦᠳᠡᠷᠡᠭᠰᠡᠨ ᠪᠠᠶᠢᠳᠠᠯ ᠳᠤ ᠮᠠᠰᠢᠨ ᠵᠢᠯᠤᠭᠤᠳᠬᠤ ᠶᠢ ᠡᠷᠡᠰ ᠴᠡᠭᠡᠷᠯᠡᠨ᠎ᠡ᠃    2. ︽ᠠᠷᠢᠬᠢ  ᠤᠤᠭᠤᠪᠠᠯ ᠲᠡᠷᠭᠡ ᠵᠢᠯᠤᠭᠤᠳᠬᠤ ᠦᠭᠡᠢ᠂ ᠲᠡᠷᠭᠡ ᠵᠢᠯᠤᠭᠤᠳᠤᠪᠠᠯ ᠠᠷᠢᠬᠢ ᠤᠤᠭᠤᠬᠤ ᠦᠭᠡᠢ︾ ᠭᠡᠳᠡᠭ   ᠢ ᠪᠠᠲᠤ ᠴᠡᠭᠡᠵᠢᠯᠡᠵᠦ᠂ ᠠᠵᠠ ᠬᠠᠷᠠᠬᠤ ᠰᠠᠨᠠᠭ᠎ᠠ ᠪᠤᠳᠤᠯ ᠡᠪᠦᠷᠯᠡᠬᠦ ᠦᠭᠡᠢ᠃    3. ᠴᠠᠰᠤ ᠤᠷᠤᠬᠤ᠂ ᠰᠢᠭᠤᠷᠭ᠎ᠠ ᠲᠡᠭᠳᠡᠬᠦ᠂ ᠵᠠᠮ ᠮᠦᠰᠦᠳᠡᠬᠦ ᠵᠡᠷᠭᠡ ᠪᠠᠶᠢᠳᠠᠯ ᠲᠣᠬᠢᠶᠠᠯᠳᠤᠪᠠᠯ ᠲᠡᠷᠭᠡᠨ ᠤ ᠬᠤᠷᠳᠤᠴᠠ ᠪᠠᠨ ᠪᠠᠭᠤᠷᠠᠭᠤᠯᠵᠤ᠂  ᠢᠯᠡᠬᠦᠬᠡᠨ ᠠᠩᠬᠠᠷᠴᠤ ᠠᠵᠢᠭᠯᠠᠬᠤ ᠬᠡᠷᠡᠭᠲᠡᠢ᠃    ᠬᠤᠶᠠᠷ᠂ ᠭᠠᠯ ᠤᠨ ᠠᠶᠤᠯ  ᠢ ᠢᠮᠠᠭᠳᠠ ᠰᠡᠷᠭᠡᠶᠢᠯᠡᠨ᠎ᠡ᠃   1. ᠴᠠᠬᠢᠯᠭᠠᠨ ᠬᠡᠷᠡᠭᠰᠡᠯ ᠢ ᠵᠥᠪ ᠢᠶᠠᠷ ᠬᠡᠷᠡᠭᠯᠡᠵᠦ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠵᠠᠯᠭᠠᠬᠤ ᠦᠭᠡᠢ᠂ ᠳᠠᠭᠠᠭᠠᠴᠠ ᠠᠴᠠ ᠬᠡᠲᠦᠷᠡᠭᠦᠯᠦᠨ ᠴᠠᠬᠢᠯᠭᠠᠨ ᠬᠡᠷᠡᠭᠯᠡᠬᠦ ᠦᠭᠡᠢ ᠪᠠᠶᠢᠵᠤ᠂ ᠬᠠᠭᠤᠴᠢᠷᠠᠭᠰᠠᠨ ᠴᠠᠬᠢᠯᠭᠠᠨ ᠬᠡᠷᠡᠭᠰᠡᠯ ᠪᠠ ᠴᠠᠬᠢᠯᠭᠠᠨ ᠤᠲᠠᠰᠤ ᠶᠢ ᠴᠠᠭ ᠲᠤᠬᠠᠢ ᠳᠤᠨᠢ ᠰᠣᠯᠢᠵᠤ᠂ ᠭᠠᠳᠠᠭᠰᠢ ᠭᠠᠷᠬᠤ ᠳᠠᠭᠠᠨ ᠴᠠᠬᠢᠯᠭᠠᠨ ᠨᠡᠭᠡᠭᠡᠯᠭᠡ ᠶᠢ ᠬᠠᠭᠠᠵᠤ᠂ ᠭᠠᠯ ᠭᠠᠷᠬᠤ ᠠᠴᠠ ᠬᠢᠴᠢᠶᠡᠨ᠎ᠡ᠃   2 . ᠲᠠᠯ᠎ᠠ ᠨᠤᠲᠤᠭ ᠲᠡᠭᠡᠷ᠎ᠡ ᠲᠠᠮᠠᠬᠢ ᠲᠠᠲᠠᠬᠤ᠂ ᠲᠠᠮᠠᠬᠢᠨ ᠶᠣᠵᠣᠭᠤᠷ᠂ ᠭᠠᠯ ᠤᠨ ᠵᠦᠢᠯ ᠬᠠᠶᠠᠬᠤ   ᠶᠢ ᠡᠷᠡᠰ ᠴᠡᠭᠡᠷᠯᠡᠵᠦ᠂  ᠵᠤᠤᠬ᠎ᠠ᠂ ᠶᠠᠨᠳᠦ᠋ᠩ ᠬᠡᠷᠡᠭᠯᠡᠬᠦ ᠳᠡᠭᠡᠨ ᠭᠠᠯ ᠰᠡᠷᠭᠡᠶᠢᠯᠡᠬᠦ  ᠲᠦᠬᠦᠭᠡᠷᠦᠮᠵᠢ ᠤᠭᠰᠠᠷᠠᠨ᠂ ᠪᠦᠷᠬᠦᠭᠡᠰᠦ ᠲᠠᠢ ᠦᠨᠡᠰᠦᠨ ᠨᠦᠬᠡ ᠭᠠᠷᠭᠠᠵᠤ᠂  ᠭᠠᠯ ᠲᠠᠢ ᠦᠨᠡᠰᠦ ᠠᠰᠬᠠᠬᠤ ᠠᠴᠠ ᠬᠢᠴᠢᠶᠡᠨ᠎ᠡ᠃   3. ᠫᠤᠤᠵᠢᠩ ᠠᠴᠠ ᠪᠣᠯᠵᠤ ᠭᠠᠯ ᠤᠨ ᠠᠶᠤᠯ ᠪᠤᠶᠤ ᠰᠢᠷᠬᠠᠳᠤᠯ ᠤᠨ ᠬᠡᠷᠡᠭ ᠭᠠᠷᠬᠤ ᠠᠴᠠ ᠰᠡᠷᠭᠡᠶᠢᠯᠡᠨ᠂ ᠬᠡᠦᠬᠡᠳ ᠫᠤᠤᠵᠢᠩ ᠲᠠᠯᠪᠢᠬᠤ ᠦᠶ᠎ᠡ ᠳᠤ ᠭᠡᠷ ᠤᠨ ᠠᠬᠠᠮᠠᠳ ᠨᠢ ᠬᠠᠷᠠᠵᠤ ᠬᠠᠮᠢᠶᠠᠷᠬᠤ ᠭᠡᠷᠡᠭᠳᠡᠢ᠂ ᠬᠠᠷᠢᠨ ᠳᠤᠷ᠎ᠠ ᠪᠠᠷ ᠨᠢ ᠫᠤᠤᠵᠢᠩ ᠲᠠᠯᠪᠢᠭᠤᠯᠵᠤ᠂ ᠭᠠᠯ ᠢᠶᠠᠷ ᠨᠠᠭᠠᠳᠤᠭᠤᠯᠵᠤ ᠪᠣᠯᠬᠤ ᠦᠭᠡᠢ᠃   4. ᠰᠢᠲᠠᠮᠠᠬᠠᠢ ᠬᠡᠢ ᠶᠢᠨ ᠰᠠᠪᠠ ᠶᠢ ᠭᠠᠯ ᠠᠴᠠ ᠬᠤᠯᠠ ᠪᠠᠶᠢᠯᠭᠠᠨ᠎ᠠ᠂  ᠬᠡᠢ ᠶᠢᠨ ᠰᠢᠩᠭᠡᠵᠢᠮᠠᠯ ᠢ ᠳᠤᠷ᠎ᠠ ᠪᠠᠷ ᠢᠶᠠᠨ ᠠᠰᠬᠠᠵᠤ ᠴᠢᠳᠬᠤᠵᠤ ᠪᠣᠯᠬᠤ ᠦᠭᠡᠢ᠃ ᠬᠡᠢ ᠯᠡᠪᠡᠷᠡᠭᠰᠡᠨ ᠪᠤᠯ᠂ ᠨᠡᠭᠡᠯᠡᠭᠡᠢ ᠶᠢ ᠲᠠᠷᠤᠶᠢᠬᠠᠨ ᠬᠠᠭᠠᠵᠤ᠂ ᠡᠭᠦᠳᠡ ᠴᠣᠩᠬᠤ ᠪᠠᠨ ᠨᠡᠭᠡᠭᠡᠵᠦ ᠰᠠᠯᠬᠢ ᠵᠢᠪᠠᠷ ᠨᠡᠪᠳᠡᠷᠡᠬᠦᠯᠬᠦ ᠶᠢᠨ ᠬᠠᠮᠳᠤ᠂  ᠲᠤᠬᠠᠢ ᠶᠢᠨ ᠲᠠᠯᠠᠪᠤᠷ   ᠠᠴᠠ ᠲᠦᠷᠭᠡᠨ ᠵᠠᠶᠢᠯᠠᠵᠤ᠂ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃   ᠠᠮᠤᠷ ᠲᠦᠪᠰᠢᠨ ᠪᠣᠯ ᠪᠢᠳᠡᠨ ᠤ ᠬᠠᠮᠲᠤ ᠶᠢᠨ ᠬᠦᠰᠡᠯ᠂ ᠬᠠᠮᠲᠤ ᠶᠢᠨ ᠬᠠᠷᠢᠭᠤᠴᠠᠯᠭ᠎ᠠ ᠮᠥᠨ᠃ ᠲᠠᠨ ᠪᠦᠬᠦᠨ ᠮᠢᠨᠢ ᠭᠡᠷ ᠬᠤᠲᠠᠯᠠᠭᠠᠷ ᠢᠶᠠᠷ ᠢᠶᠠᠨ ᠪᠠᠶᠠᠷ ᠬᠥᠷ ᠲᠠᠢ᠂ ᠡᠷᠡᠭᠦᠯ ᠡᠩᠬᠡ  ᠰᠢᠨᠡᠯᠡᠬᠦ ᠪᠤᠯᠳᠤᠭᠠᠢ︕                                               ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ                2023 ᠣᠨ ᠤ 1 ᠰᠠᠷ᠎ᠠ ᠶᠢᠨ 18 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号