ᠲᠠᠶᠢᠹᠤᠰᠧ ᠬᠤᠰᠢᠭᠤ ᠴᠡᠷᠢᠭ ᠡᠯᠰᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2023/1/20
 1 ᠰᠠᠷ᠎ᠠ ᠶᠢᠨ 18  ᠤ ᠡᠳᠦᠷ᠂  ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2023 ᠣᠨ ᠤ ᠴᠡᠷᠢᠭ ᠡᠯᠰᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ 2022 ᠣᠨ ᠤ ᠴᠡᠷᠢᠭ ᠡᠯᠰᠡᠬᠦ ᠠᠵᠢᠯ ᠢᠶᠠᠨ ᠳ᠋ᠦᠩᠨᠡᠵᠦ᠂ 2023 ᠣᠨ ᠤ ᠴᠡᠷᠢᠭ ᠡᠯᠰᠡᠬᠦ ᠠᠵᠢᠯ ᠳᠤ ᠳᠠᠶᠢᠴᠢᠯᠠᠯᠲᠠ ᠪᠠ ᠪᠠᠶᠢᠷᠢᠯᠠᠭᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋  ᠬᠤᠰᠢᠭᠤ ᠳᠠᠷᠤᠭ᠎ᠠ ᠶᠢᠨ ᠶᠦᠩ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠪᠦᠭᠡᠳ ᠡᠯ᠎ᠡ  ᠭᠡᠰᠢᠬᠦᠨ ᠨᠢᠭᠡᠴᠡ ᠲᠠᠢ 2023 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠠᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠪᠣᠯᠣᠨ ᠴᠡᠷᠢᠭ ᠡᠯᠰᠡᠬᠦ ᠠᠵᠢᠯ ᠤᠨ  ᠭᠡᠰᠢᠬᠦᠨ ᠨᠢᠭᠡᠴᠡ ᠨᠢ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠰᠢᠨ᠎ᠡ ᠪᠠᠶᠢᠳᠠᠯ ᠳᠣᠣᠷᠠᠬᠢ ᠴᠡᠷᠢᠭ ᠡᠯᠰᠡᠬᠦ ᠠᠵᠢᠯ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠪᠤᠷ ᠤᠨ ᠤᠯᠠᠷᠢᠯ ᠤᠨ ᠴᠡᠷᠢᠭ ᠡᠯᠰᠡᠬᠦ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠶᠢ ᠠᠳᠬᠤᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂  ᠤᠬᠠᠭᠤᠯᠤᠨ ᠲᠠᠶᠢᠴᠢᠯᠠᠬᠤ᠂ ᠪᠡᠶ᠎ᠡ ᠶᠢᠨ ᠪᠠᠶᠢᠴᠠᠭᠠᠯᠲᠠ ᠪᠠ ᠤᠯᠤᠰ ᠲᠦᠷᠦ ᠶᠢᠨ ᠰᠢᠯᠭᠠᠯᠲᠠ ᠬᠢᠬᠦ᠂ ᠬᠢᠨᠠᠨ ᠲᠣᠭᠲᠠᠭᠠᠬᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠦᠷᠭᠦᠯᠵᠢᠯᠡᠨ ᠬᠦᠴᠦᠯᠡᠵᠦ᠂ 2023 ᠣᠨ ᠤ ᠴᠡᠷᠢᠭ ᠡᠯᠰᠡᠬᠦ ᠠᠵᠢᠯ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠬᠤᠰᠢᠭᠤᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠨᠢᠭᠡᠴᠡ᠂ ᠡᠯ᠎ᠡ ᠰᠤᠮᠤ ᠰᠢᠶᠠᠩ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号