ᠨᠢᠭᠡ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | | 2011 ᠣᠨ ᠠᠴᠠ ᠨᠠᠭᠠᠰᠢ᠂ ᠮᠠᠨ ᠤ ᠣᠷᠣᠨ ︽ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠭᠠᠵᠠᠷ | ᠰᠢᠷᠣᠢ ᠶᠢ ᠬᠠᠮᠠᠭᠠᠯᠠᠬᠤ᠂ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠮᠡᠷᠭᠡᠵᠢᠯ ᠳᠤ ᠲᠦᠰᠢᠭᠯᠡᠬᠦ︾ | ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠰ ᠤᠨ ᠰᠠᠭᠤᠷᠢ ᠶᠢ | ᠲᠠᠰᠤᠷᠠᠯᠲᠠ ᠦᠭᠡᠢ ᠪᠠᠬᠢᠵᠢᠭᠦᠯᠦᠨ᠂ 2021 ᠣᠨ ᠤ ᠡᠴᠦᠰ ᠪᠣᠯᠬᠤ ᠳᠤ ᠨᠢᠭᠡᠨᠲᠡ ᠨᠡᠶᠢᠲᠡ 4589 ᠲᠦᠮᠡᠨ | ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ ᠳᠠᠭᠤᠰᠬᠠᠵᠤ᠂ ᠤᠯᠤᠰ ᠠᠴᠠ ᠪᠠᠭᠤᠯᠭᠠᠭᠰᠠᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠢᠴᠡᠳ ᠲᠤᠭ᠎ᠠ ᠪᠠᠷ ᠪᠡᠶᠡᠯᠡᠭᠦᠯᠵᠦ᠂ ᠪᠥᠬᠦ ᠣᠷᠣᠨ ᠤ ᠠᠮᠤ | ᠪᠤᠳᠠᠭᠠᠨ ᠤ ᠤᠨᠠᠯᠲᠠ ᠶᠢᠨ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠬᠦ ᠳᠤ | ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ | ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃ 2019 ᠣᠨ ᠳᠤ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 50 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ | ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠢ ᠪᠥᠭᠡᠳ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠵᠦ | ᠂ ᠠᠯᠢ ᠣᠯᠠᠨ ᠪᠦᠲᠦᠮᠵᠢᠲᠡᠶ ᠠᠬᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠯ᠎ᠡ ᠭᠤᠭᠴᠤᠭ᠎ᠠ ᠶᠢᠨ | ᠵᠠᠩᠭᠢᠯᠠᠭ᠎ᠠ ᠶᠢᠨ ᠨᠥᠯᠥᠭᠡ ᠪᠠᠷ ᠨᠡᠯᠢᠶᠡᠳ ᠶᠡᠭᠡ ᠬᠦᠴᠢᠷ ᠴᠡᠭ ᠪᠠ ᠲᠦᠭᠵᠢᠷᠡᠯ ᠴᠡᠭ ᠢ ᠲᠣᠳᠣᠷᠬᠠᠢ | ᠰᠦᠪᠡᠭᠴᠢᠯᠡᠵᠡᠢ᠃ ᠮᠠᠨ ᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠤᠯᠠᠮ ᠨᠢᠭᠡ ᠠᠯᠬᠤᠮ ᠪᠠᠬᠢᠵᠢᠭᠦᠯᠬᠦ ᠪᠠ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠨ ᠨᠢᠭᠡᠨ ᠵᠤᠷᠪᠤᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠠᠷᠪᠠᠨ ᠨᠢᠭᠡᠨ ᠲᠠᠯ᠎ᠠ ᠠᠴᠠ 35 ᠵᠦᠢᠯ ᠤᠨ | ᠪᠣᠳᠠᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠂ ᠡᠨᠡ ᠨᠢ ᠭᠤᠣᠯᠳᠠᠭᠤ ︽5 ᠵᠦᠢᠯ ᠳᠤ | ᠰᠢᠨ᠎ᠡ ᠶᠢ ᠡᠭᠦᠳᠬᠦ᠂ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠂ 2 ᠲᠠᠯ᠎ᠠ ᠪᠠᠷ ᠰᠠᠭᠤᠷᠢ ᠶᠢ ᠪᠠᠲᠤᠯᠠᠬᠤ᠂ 1 | ᠵᠦᠢᠯ ᠢ ᠱᠠᠩᠨᠠᠨ ᠬᠥᠬᠢᠭᠦᠯᠬᠦ︾ ᠢᠶᠠᠷ ᠢᠯᠡᠷᠡᠵᠦ ᠪᠠᠶᠢᠨ᠎ᠠ᠃ 5 ᠵᠦᠢᠯ ᠳᠤ ᠰᠢᠨ᠎ᠡ ᠶᠢ ᠡᠭᠦᠳᠬᠦ᠃ ᠨᠢᠭᠡ ᠳᠤ᠂ | ᠲᠥᠷᠥᠯ ᠵᠦᠢᠯ ᠢ ᠠᠬᠢᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠦᠬᠦ᠋ᠢᠯᠡ ᠲᠣᠰᠬᠤᠨ ᠪᠦᠬᠦ᠋ᠢᠯᠡ | ᠳᠤᠭᠤᠶᠢᠯᠠᠩ ᠪᠦᠬᠦ᠋ᠢᠯᠡ ᠬᠡᠰᠡᠭ ᠲᠠᠷᠢᠶᠠᠨ ᠭᠠᠵᠠᠷ ᠢ ᠬᠠᠮᠲᠤ ᠪᠠᠷ ᠰᠢᠯᠵᠢᠭᠦᠯᠬᠦ ᠵᠢᠴᠢ ᠪᠦᠬᠦ᠋ᠢᠯᠡ ᠪᠠᠶᠢᠭᠤᠯᠤᠮᠵᠢ ᠶᠢᠨ | ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠵᠣᠷᠢᠭᠵᠢᠭᠤᠯᠤᠨ᠂ ᠤᠷᠢᠳ ᠢᠶᠠᠷ ᠪᠠᠶᠢᠭᠤᠯᠵᠤ | ᠳᠠᠷᠠᠭ᠎ᠠ ᠨᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠪᠦᠬᠦ᠋ᠢᠯᠡ | ᠬᠤᠰᠢᠭᠤ ᠰᠢᠶᠠᠨ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠬᠤᠶᠠᠷ ᠲᠤ᠂ ᠡᠮᠦᠨᠡᠬᠢ ᠬᠤᠭᠤᠴᠠᠭᠠᠨ ᠤ ᠠᠵᠢᠯ ᠤᠨ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠬᠤᠰᠢᠭᠤ ᠰᠢᠶᠠᠨ ᠤ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ | ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ ᠨᠤᠲᠠᠯᠠᠵᠤ ᠬᠢᠨᠠᠨ ᠵᠥᠪᠰᠢᠶᠡᠷᠡᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠬᠦ ᠶᠢ ᠠᠬᠢᠭᠤᠯᠵᠤ᠂ ᠬᠠᠮᠢᠶ᠎ᠠ ᠪᠦᠬᠦᠢ ᠬᠢᠨᠠᠨ ᠵᠥᠪᠰᠢᠶᠡᠷᠡᠯ ᠤᠨ | ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ︽ᠵᠣᠭᠤᠰ ᠨᠢ ᠲᠥᠷᠥᠯ ᠵᠦᠢᠯ ᠢ ᠬᠦᠯᠢᠶᠡᠬᠦ︾ ᠠᠴᠠ | ᠵᠠᠶᠢᠯᠠᠰᠬᠢᠨ᠎ᠡ᠃ ᠭᠤᠷᠪᠠ ᠳᠤ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ | ᠲᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠵᠣᠭᠤᠰ | ᠥᠭᠴᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠰᠤᠬᠤ ᠪᠠ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠳᠥᠷᠪᠡ ᠳᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ | ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ︾ ᠴᠡᠭᠴᠡᠯᠡᠨ ᠵᠠᠰᠠᠬᠤ ᠵᠠᠭᠪᠤᠷ ᠢ ᠬᠡᠷᠡᠭᠵᠢᠭᠦᠯᠦᠨ᠂ ᠤᠤᠯ ᠤᠨ | ᠪᠠᠶᠢᠷᠢᠰᠢᠯ ᠢ ᠡᠪᠳᠡᠵᠦ᠂ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠳᠠᠬᠢᠨ ᠬᠤᠪᠢᠶᠠᠷᠢᠯᠠᠨ | ᠡᠵᠡᠩᠨᠡᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ | ᠲᠠᠪᠤ ᠳᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠰᠢᠨ᠎ᠡ ᠪᠠᠷ ᠨᠡᠮᠡᠭᠳᠡᠭᠰᠡᠨ | ᠲᠠᠷᠢᠶᠠᠨ ᠭᠠᠵᠠᠷ ᠤᠨ ᠤᠯᠤᠰ ᠤᠨ ᠥᠮᠴᠢᠯᠡᠯ ᠠᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ | ᠡᠵᠡᠩᠨᠡᠯᠲᠡ ᠳᠤ ᠣᠷᠣᠭᠤᠯᠤᠨ ᠬᠠᠮᠢᠶᠠᠷᠴᠤ᠂ ᠣᠯᠣᠭᠰᠠᠨ ᠠᠰᠢᠭ ᠣᠯᠵᠠᠪᠤᠷᠢ ᠶᠢ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠨ ᠬᠠᠮᠠᠭᠠᠯᠠᠬᠤ ᠳᠤ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠲᠤᠷᠰᠢᠯᠲᠠ ᠶᠢᠨ ᠴᠡᠭ ᠢ ᠥᠷᠨᠢᠭᠦᠯᠦᠨ᠎ᠡ᠃ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠃ ᠨᠢᠭᠡ ᠳᠤ᠂ ᠣᠯᠠᠨ ᠲᠠᠰ | ᠳᠠᠪᠬᠤᠷᠭ᠎ᠠ ᠶᠢᠨ ᠬᠠᠮᠢᠶᠠᠷᠤᠯᠲᠠ ᠶᠢᠨ ᠬᠦᠴᠦᠨ ᠢ ᠨᠡᠶᠢᠯᠡᠭᠦᠯᠦᠨ᠂ ᠬᠤᠰᠢᠭᠤ ᠰᠢᠶᠠᠨ ᠤ ᠵᠠᠰᠠᠭ ᠤᠨ ᠣᠷᠳᠣᠨ᠂ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠰ ᠲᠣᠰ | ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠶᠠᠰᠤ ᠴᠢᠨᠠᠷ ᠲᠤ | ᠬᠢᠨᠠᠯᠲᠠ ᠲᠠᠯᠪᠢᠬᠤ ᠲᠣᠭᠲᠠᠴᠠ ᠶᠢ ᠲᠥᠪᠯᠡᠷᠡᠭᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ | ᠲᠠᠯᠪᠢᠵᠤ ᠪᠠᠶᠢᠴᠠᠭᠠᠬᠤ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠠᠵᠤ ᠠᠬᠤᠶᠢᠯᠠᠯ ᠤᠨ ᠢᠲᠡᠭᠡᠮᠵᠢ ᠳᠤ | ᠦᠨᠡᠯᠡᠯᠲᠡ ᠬᠢᠬᠦ᠂ ᠲᠤᠰᠬᠠᠢ ᠪᠠᠶᠢᠭᠤᠯᠤᠮᠵᠢ ᠮᠡᠷᠭᠡᠵᠢᠯ ᠤᠨ ᠦᠢᠯᠡᠴᠢᠯᠡᠭᠡ ᠬᠢᠬᠦ᠂ ᠮᠠᠯᠴᠢᠨ ᠲᠠᠷᠢᠶᠠᠴᠢᠨ ᠤ ᠬᠢᠨᠠᠯᠲᠠ | ᠲᠠᠯᠪᠢᠭᠴᠢ ᠪᠥᠬᠦ ᠶᠠᠪᠤᠴᠠ ᠳᠤ ᠣᠷᠤᠯᠴᠠᠬᠤ᠂ ᠬᠠᠯᠠᠮᠰᠢᠯ ᠤᠲᠠᠰᠤ ᠪᠠ ᠵᠠᠭᠤᠴᠢᠯᠠᠭᠤᠷ ᠬᠢᠨᠠᠯᠲᠠ ᠲᠠᠯᠪᠢᠬᠤ ᠵᠡᠷᠭᠡ | ᠲᠠᠪᠤᠨ ᠶᠡᠭᠡ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ᠂ ᠲᠠᠷᠠᠬᠠᠢ | ᠪᠤᠲᠠᠷᠬᠠᠢ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠢ ᠨᠡᠶᠢᠯᠡᠭᠦᠯᠵᠦ᠂ ᠪᠠᠷᠢᠯᠭ᠎ᠠ ᠶᠢᠨ ᠠᠵᠢᠯ ᠤᠨ | ᠪᠠᠷᠢᠮᠵᠢᠶᠠᠲᠤ ᠬᠡᠰᠡᠭ ᠤᠨ ᠲᠠᠯᠠᠪᠠᠶ ᠶᠢ 5000 ᠮᠦ ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠭᠲᠠᠭᠠᠵᠤ᠂ | ᠭᠡᠷ᠎ᠡ ᠶᠢ ᠵᠠᠷᠯᠠᠨ ᠨᠡᠶᠢᠲᠡᠯᠡᠵᠦ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠳᠤ ᠴᠣᠬᠢᠯᠲᠠ ᠥᠭᠭᠦᠨ᠎ᠡ᠃ 2 | ᠵᠦᠢᠯ ᠢᠶᠠᠷ ᠰᠠᠭᠤᠷᠢ ᠶᠢ ᠪᠠᠲᠤᠯᠠᠬᠤ᠃ ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ | ᠥᠪᠡᠷᠲᠡᠭᠡᠨ ᠵᠠᠰᠠᠬᠤ ᠣᠷᠣᠨ ᠠᠴᠠ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠠᠴᠠ ᠰᠢᠯᠵᠢᠭᠦᠯᠦᠨ | ᠥᠭᠬᠦ ᠬᠤᠶᠠᠷ ᠠᠷᠭ᠎ᠠ ᠵᠠᠮ ᠢᠶᠠᠷ ᠪᠡᠯᠡ ᠣᠷᠣᠭᠤᠯᠬᠤ ᠶᠢ ᠡᠮᠬᠢᠯᠡᠨ ᠨᠡᠶᠢᠯᠡᠭᠦᠯᠵᠦ᠂ ᠣᠷᠣᠨ ᠨᠤᠲᠤᠭ ᠤᠨ ᠡᠳ᠋ ᠤᠨ | ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ | ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠠᠶᠢᠮᠠᠭ | ᠬᠤᠲᠠ᠂ ᠬᠤᠰᠢᠭᠤ ᠰᠢᠶᠠᠨ ᠠᠴᠠ ᠳᠠᠭᠢᠵᠤ ᠢᠵᠢ ᠪᠦᠷᠢᠳᠦᠭᠦᠯᠬᠦ ᠦᠭᠡᠢ᠂ ᠮᠦ ᠪᠦᠷᠢ ᠶᠢᠨ ᠳᠤᠮᠳᠠᠴᠢ ᠡᠳ᠋ ᠤᠨ | ᠵᠠᠰᠠᠭ ᠤᠨ ᠨᠥᠬᠦᠪᠦᠷᠢᠯᠡᠬᠦ ᠪᠠᠷᠢᠮᠵᠢᠶ᠎ᠠ ᠶᠢ ᠪᠠᠷᠢᠮᠵᠢᠶᠠᠲᠤ ᠤᠰᠤᠯᠠᠯᠲᠠ ᠶᠢᠨ ᠲᠠᠷᠢᠶ᠎ᠠ ᠳᠤ 1700 ᠲᠥᠭᠦᠷᠢᠭ ᠠᠴᠠ | ᠳᠣᠣᠷ᠎ᠠ ᠪᠠᠶᠢᠯᠭᠠᠬᠤ ᠦᠭᠡᠢ᠂ ᠬᠠᠭᠤᠷᠠᠢ ᠲᠠᠷᠢᠶ᠎ᠠ ᠳᠤ 1200 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ | ᠪᠠᠶᠢᠵᠤ᠂ ᠬᠥᠳᠡᠯᠦᠩᠭᠦᠢ ᠪᠠᠷ ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠢ ᠬᠤᠰᠢᠭᠤ ᠰᠢᠶᠠᠨ ᠠᠴᠠ ᠰᠠᠭᠤᠷᠢ ᠶᠢ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ | ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂ ᠬᠤᠰᠢᠭᠤ ᠰᠢᠶᠠᠨ ᠠᠴᠠ ᠥᠪᠡᠷ ᠢᠶᠠᠨ ᠪᠡᠯᠡ ᠭᠠᠷᠭᠠᠵᠤ ᠲᠣᠰ ᠪᠦᠲᠦᠭᠡᠨ | ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠬᠤ ᠶᠢ ᠪᠡᠶᠡᠯᠡᠭᠦᠯᠵᠦ | ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠵᠤ᠂ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠪᠤᠴᠠᠭᠠᠨ ᠠᠪᠤᠨ᠎ᠠ᠃ | 1 ᠵᠦᠢᠯ ᠢ ᠱᠠᠩᠨᠠᠨ ᠬᠥᠬᠢᠭᠦᠯᠬᠦ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠵᠢᠯ ᠪᠦᠷᠢ 1000 | ᠲᠦᠮᠡᠨ ᠲᠥᠭᠦᠷᠢᠭ ᠲᠣᠬᠢᠷᠠᠭᠤᠯᠤᠨ ᠲᠣᠰ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠪᠠᠷ ᠰᠠᠶᠢᠨ ᠬᠤᠰᠢᠭᠤ ᠰᠢᠶᠠᠨ ᠳᠤ ᠱᠠᠩᠨᠠᠯ ᠣᠯᠭᠤᠵᠤ᠂ 1000 ᠲᠦᠮᠡᠨ ᠲᠥᠭᠦᠷᠢᠭ ᠲᠣᠬᠢᠷᠠᠭᠤᠯᠵᠤ | ᠪᠠᠶᠢᠭᠤᠯᠵᠤ ᠳᠠᠭᠤᠰᠬᠠᠭᠰᠠᠨ ᠲᠥᠷᠥᠯ ᠵᠦᠢᠯ ᠤᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ | ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠱᠠᠩᠨᠠᠯ ᠣᠯᠭᠤᠨ᠎ᠠ᠃ | ᠭᠤᠷᠪᠠ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠣᠪᠤᠶᠢᠮ᠎ᠠ ᠣᠨᠴᠠᠯᠢᠭ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠲᠥᠷᠥ ᠶᠢᠨ ᠪᠣᠳᠣᠯᠭ᠎ᠠ ᠶᠢᠨ ᠦᠨ᠎ᠡ ᠴᠠᠨ᠎ᠠ ᠲᠠᠢ᠂ | ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠮᠠᠨ ᠤ ᠣᠷᠣᠨ ᠤ ᠪᠣᠳᠠᠲᠠᠢ ᠲᠠᠢ ᠨᠢᠭᠲᠠ | ᠤᠶᠠᠯᠳᠤᠭᠤᠯᠵᠤ᠂ ᠭᠤᠷᠪᠠᠨ ᠲᠠᠯ᠎ᠠ ᠶᠢᠨ ᠲᠣᠪᠤᠶᠢᠮ᠎ᠠ ᠣᠨᠴᠠᠯᠢᠭ ᠲᠠᠢ ᠶᠤᠮ᠃ ᠨᠢᠭᠡ ᠳᠤ᠂ ᠪᠣᠳᠠᠲᠠᠢ ᠶᠢ ᠡᠷᠬᠢᠮᠯᠡᠨ | ᠲᠤᠰᠠᠲᠠᠢ ᠪᠠᠶᠢᠯᠭᠠᠬᠤ ᠶᠢ ᠲᠤᠪᠤᠶᠢᠯᠭᠠᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠭᠲᠠᠭᠰᠠᠨ | ᠴᠠᠭ ᠲᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠪᠠᠷ ᠶᠡᠷᠦᠩᠬᠡᠢ ᠬᠠᠷᠠᠯᠲᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠨᠡᠶᠢᠳᠡᠮ ᠤᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠳᠤ ᠴᠢᠭᠯᠡᠯᠲᠦ ᠴᠢᠨᠠᠷᠲᠠᠢ ᠠᠷᠭ᠎ᠠ | ᠬᠡᠮᠵᠢᠶ᠎ᠡ ᠲᠣᠭᠲᠠᠭᠠᠵᠠᠢ᠃ ᠬᠤᠶᠠᠷ ᠲᠤ᠂ ᠲᠣᠪᠴᠢ ᠲᠣᠳᠣᠷᠬᠠᠢ ᠪᠠᠶᠢᠬᠤ ᠶᠢ ᠲᠣᠪᠤᠶᠢᠯᠭᠠᠨ᠂ ᠦᠭᠡ ᠥᠭᠦᠯᠡᠪᠦᠷᠢ ᠨᠢ | ᠲᠣᠪᠴᠢ ᠠᠪᠰᠠᠷᠬᠠᠨ᠂ ᠠᠭᠤᠯᠭ᠎ᠠ ᠨᠢ ᠪᠠᠶᠠᠯᠢᠭ᠂ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠬᠤ ᠶᠢ ᠴᠢᠬᠤᠯᠠᠴᠢᠯᠠᠵᠤ᠂ | ︽ᠭᠤᠷᠪᠠ ᠶᠢ ᠬᠡᠯᠡᠬᠦ ᠦᠭᠡᠢ︾ ᠪᠠᠶᠢᠬᠤ ᠶᠢ ᠭᠤᠣᠯᠳᠠᠯᠭ᠎ᠠ ᠲᠠᠢ ᠡᠵᠡᠮᠰᠢᠪᠡ᠂ ᠲᠤᠬᠠᠶᠢᠯᠠᠪᠠᠯ ︽ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 50 ᠳ᠋ᠤᠭᠠᠷ | ᠲᠣᠭᠠᠲᠤ︶ ᠳᠤ ᠨᠢᠭᠡᠨᠲᠡ ᠲᠣᠳᠣᠷᠬᠠᠶᠢᠯᠠᠭᠰᠠᠨ ᠢ ᠬᠡᠯᠡᠬᠦ ᠦᠭᠡᠢ︔ ᠡᠯ᠎ᠡ ᠭᠠᠵᠠᠷ ᠤᠨ ᠣᠳᠣᠬᠠᠨ ᠳᠤ ᠨᠢᠭᠡᠨᠲᠡ | ᠨᠡᠶᠢᠳᠡᠮ ᠪᠣᠳᠠᠲᠠᠶᠢᠵᠢᠭᠤᠯᠤᠭᠰᠠᠨ ᠪᠠᠶᠢᠳᠠᠯ ᠢ ᠬᠡᠯᠡᠬᠦ ᠦᠭᠡᠢ︔ ᠴᠢᠩᠭ᠎ᠠ ᠬᠢᠵᠠᠭᠠᠷᠯᠠᠯ ᠦᠭᠡᠢ ᠪᠣᠯ ᠬᠢᠨᠠᠨ ᠰᠢᠯᠭᠠᠵᠤ | ᠪᠣᠯᠬᠤ ᠦᠭᠡᠢ ᠶᠢ ᠬᠡᠯᠡᠬᠦ ᠦᠭᠡᠢ᠃ ᠭᠤᠷᠪᠠ ᠳᠤ᠂ ᠥᠷᠭᠡᠨ ᠢᠶᠠᠷ ᠯᠠᠪᠯᠠᠯᠲᠠ ᠪᠣᠯᠭᠠᠬᠤ ᠶᠢ ᠲᠤᠪᠤᠶᠢᠯᠭᠠᠵᠦ᠂ ᠬᠠᠮᠢᠶ᠎ᠠ | ᠪᠦᠬᠦᠢ ᠮᠤᠵᠢ ᠬᠤᠲᠠ ᠮᠤᠵᠢ ᠶᠢᠨ ᠱᠠᠲᠤᠨ ᠠᠴᠠ ᠣᠷᠣᠨ ᠨᠤᠲᠤᠭ ᠤᠨ ᠢᠵᠢ ᠪᠦᠷᠢᠳᠦᠭᠦᠯᠬᠦ ᠬᠠᠷᠢᠭᠤᠴᠠᠯᠭ᠎ᠠ ᠶᠢ | ᠪᠦᠬᠦ ᠲᠤᠭ᠎ᠠ ᠪᠠᠷ ᠡᠭᠦᠷᠭᠡᠯᠡᠬᠦ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠬᠠᠮᠢᠶ᠎ᠠ ᠪᠦᠬᠦᠢ ᠠᠶᠢᠮᠠᠭ | ᠬᠤᠲᠠ ᠶᠢᠨ ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ᠂ ᠤᠷᠢᠳ ᠢᠶᠠᠷ ᠰᠢᠯᠵᠢᠭᠦᠯᠦᠨ ᠳᠠᠷᠠᠭ᠎ᠠ ᠨᠢ ᠪᠦᠲᠦᠭᠡᠨ | ᠪᠠᠶᠢᠭᠤᠯᠬᠤ ᠵᠡᠷᠭᠡ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠬᠡᠨ ᠠᠪᠴᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠳᠤ ᠢᠲᠡᠭᠡᠮᠵᠢ ᠶᠢᠨ ᠲᠡᠰ ᠤᠨ ᠦᠨᠡᠯᠡᠯᠲᠡ | ᠬᠢᠬᠦ ᠵᠡᠷᠭᠡ ᠠᠵᠢᠯ ᠤᠨ ᠲᠣᠭᠲᠠᠴᠠ ᠪᠠᠷ ᠯᠠᠪᠯᠠᠯᠲᠠ ᠪᠣᠯᠭᠠᠪᠠ᠃ |