2022 ᠤᠨ ᠤ ᠠᠵᠢᠯ ᠤᠨ ᠡᠷᠭᠢᠴᠡᠭᠦᠯᠦᠯ
ᠨᠡᠶᠢᠲᠡᠯᠡᠭᠰᠡᠨ ᠴᠠᠭ᠄
2023/1/30
     ᠰᠠᠶ᠋ᠢᠬᠠᠨ ᠥᠩᠭᠡᠷᠡᠭᠰᠡᠨ 2022 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠶᠤᠮ᠃ ᠨᠢᠭᠡ ᠵᠢᠯ ᠤᠨ ᠲᠤᠷᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ᠂ ᠠᠵᠤ ᠠᠬᠤᠢ ᠶᠢᠨ ᠪᠠᠭᠤᠷᠠᠯᠲᠠ ᠵᠡᠷᠭᠡ ᠡᠯ᠎ᠡ ᠵᠦᠢᠯ ᠤᠨ ᠥᠷᠢᠰᠦᠯᠳᠦᠭᠡᠨ ᠲᠦᠭᠰᠢᠭᠦᠷᠢ ᠬᠢᠭᠡᠳ ᠨᠦᠰᠡᠷ ᠬᠦᠨᠳᠦ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ  ᠪᠤᠯᠭᠠᠨ ᠤ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠭᠡᠷ ᠤᠳᠠᠭᠠᠨ ᠤ ᠥᠷᠭᠡᠳᠬᠡᠭᠰᠡᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ  ᠠᠬᠢᠭᠤᠯᠤᠭᠰᠠᠨ ᠢᠶᠠᠷ᠂ ᠠᠵᠤ ᠠᠬᠤᠢ ᠶᠢᠨ ᠪᠠᠶᠢᠳᠠᠯ ᠤᠯᠠᠷᠢᠯ ᠳᠠᠷᠠᠭᠠᠯᠠᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢᠶᠠᠨ ᠬᠠᠳᠠᠭᠠᠯᠠᠨ᠂  ᠤᠷᠢᠳᠴᠢᠯᠠᠵᠤ ᠵᠢᠱᠢᠭᠰᠡᠨ ᠡᠭᠦᠷᠭᠡ ᠬᠠᠷᠠᠯᠲᠠ  ᠨᠡᠯᠢᠶᠡᠳ ᠰᠠᠶᠢᠨ  ᠪᠡᠶᠡᠯᠡᠭᠳᠡᠵᠡᠢ᠃ ᠵᠢᠱᠢᠯᠲᠡ ᠪᠠᠷ᠂  ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 52.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 0.4% ᠪᠠᠷ ᠨᠡᠮᠡᠭᠳᠡᠨ᠂ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ  1.1 ᠳ᠋ᠦᠩᠰᠢᠭᠤᠷ ᠲᠥᠭᠦᠷᠢᠭ ︵ᠦᠯᠡᠳᠡᠭᠡᠨ ᠠᠪᠴᠤ ᠭᠠᠶᠢᠯᠢ ᠶᠢ ᠬᠠᠰᠤᠭᠠᠳ︶  ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 17 ᠳ᠋ᠦᠩᠰᠢᠭᠤᠷ ᠲᠥᠭᠦᠷᠢᠭ ᠲᠤ ᠬᠦᠷᠴᠦ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 9.2 ᠳ᠋ᠦᠩᠰᠢᠭᠤᠷ ᠲᠥᠭᠦᠷᠢᠭ ᠲᠤ ᠬᠦᠷᠴᠦ᠂ 0.6% ᠪᠠᠷ  ᠨᠡᠮᠡᠭᠳᠡᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠲᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠲᠤᠰᠪᠤᠷᠢ 41285 ᠲᠥᠭᠦᠷᠢᠭ ᠪᠠ 16700 ᠲᠥᠭᠦᠷᠢᠭ ᠲᠤ ᠬᠦᠷᠴᠦ᠂ 3% ᠪᠠ 8% ᠪᠠᠷ ᠨᠡᠮᠡᠭᠳᠡᠪᠡ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号