︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠬᠦ ᠭᠡᠷᠡᠭᠳᠡᠢ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠪᠰᠤᠷᠤᠯᠭ᠎ᠠ ᠪᠠ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠭᠤᠷᠪᠠᠳᠠᠭᠢ | ᠡᠲᠡᠭᠡᠳ ᠤᠨ ᠦᠨᠡᠯᠡᠨ ᠵᠢᠱᠢᠬᠦ ᠠᠵᠢᠯ ᠤᠨ ᠲᠤᠮᠳᠠ ᠠᠴᠠ ᠲᠤᠷᠰᠢᠯᠭ᠎ᠠ ᠶᠢ ᠳ᠋ᠦᠩᠨᠡᠨ᠂ ᠭᠠᠴᠠᠭ᠎ᠠ ᠲᠣᠰᠬᠤᠨ ᠳᠤ | ᠰᠠᠭᠤᠭ᠎ᠠ ᠺᠠᠳ᠋ᠷᠴᠤᠳ ᠢ ᠰᠢᠯᠢᠳᠡᠭᠵᠢᠭᠦᠯᠦᠨ ᠲᠣᠬᠢᠷᠠᠭᠤᠯᠵᠤ᠂ ᠠᠵᠢᠯᠯᠠᠬᠤ ᠠᠩᠭᠢ ᠶᠢ ᠦᠨᠡᠨ ᠬᠦ ᠭᠠᠴᠠᠭ᠎ᠠ | ᠲᠣᠰᠬᠤᠨ ᠳᠤ ᠬᠦᠨᠵᠡᠬᠡᠶᠢᠷᠡᠬᠦᠯᠦᠨ᠂ ᠦᠢᠯᠡᠳᠪᠦᠷᠢᠯᠡᠯ ᠢ ᠬᠦᠭᠵᠢᠬᠦᠯᠬᠦ ︽ ᠬᠠᠪᠰᠤᠷᠤᠭᠴᠢ︾ ᠪᠦᠬᠡᠳ ᠵᠠᠩ | ᠳᠠᠳᠬᠠᠯ ᠢ ᠦᠬᠡᠷᠡᠴᠢᠯᠡᠬᠦ ︽ ᠵᠢᠯᠤᠭᠤᠳᠤᠭᠴᠢ︾ ᠪᠤᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠬᠥᠳᠡᠯᠦᠩᠭᠦᠢ ᠪᠠᠷ ᠰᠠᠶᠢᠲᠤᠷ ᠰᠢᠢᠳᠪᠦᠷᠢᠯᠡᠵᠦ᠂ ᠴᠡᠪᠡᠷ | ᠡᠨᠧᠷᠭᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ︽ᠬᠤᠪᠢ ᠬᠤᠷᠠᠮᠳᠤᠭᠤᠯᠬᠤ | ᠳᠦᠷᠢᠮ︾ ︽ᠨᠠᠷᠢᠨ ᠲᠠᠩᠰᠠ ᠶᠢᠨ ᠳᠦᠷᠢᠮ︾ ᠤᠨ ᠵᠠᠰᠠᠯᠳᠠ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ | ︽ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ︾᠂ ︽ᠰᠦᠯᠢᠶᠤᠤ ᠪᠦᠷᠬᠦᠪᠴᠢ ᠶᠢ ᠴᠡᠪᠡᠷᠯᠡᠬᠦ︾᠂ | ︽ᠮᠠᠯ ᠵᠢᠭᠦᠷᠲᠡᠨ ᠤ ᠢᠯᠭᠠᠳᠠᠰᠤ ᠶᠢ ᠲᠠᠷᠢᠶᠠᠨ ᠭᠠᠵᠠᠷ ᠲᠤᠨᠢ ᠭᠡᠷᠡᠭᠯᠡᠬᠦ︾ ᠪᠠᠷ ᠭᠤᠣᠯ ᠠᠭᠤᠯᠭ᠎ᠠ ᠪᠣᠯᠭᠠᠭᠰᠠᠨ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠶᠡᠬᠡᠪᠡᠷ | ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠢ | ᠴᠡᠭᠴᠡᠯᠡᠬᠦ ᠵᠡᠷᠭᠡ ᠢᠨᠵᠧᠨᠧᠷᠢᠩ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠤᠯᠠᠨ | ᠲᠠᠯᠠᠵᠢᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠂ ᠴᠡᠪᠡᠷᠯᠡᠭᠡ ᠶᠢᠨ ᠠᠵᠢᠯᠳᠠᠨ ᠵᠡᠷᠭᠡ ᠨᠡᠶᠢᠳᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠬᠦᠳᠡᠭᠡ ᠲᠤᠰᠬᠤᠨ ᠤ ᠣᠷᠴᠢᠨ | ᠲᠣᠭᠤᠷᠢᠨ ᠢ ᠲᠠᠰᠤᠷᠠᠯᠳᠠ ᠦᠬᠡᠢ ᠰᠠᠶᠢᠵᠢᠷᠠᠭᠤᠯᠤᠨ᠎ᠠ᠃ ᠣᠷᠣᠨ ᠤ ᠲᠠᠰ ᠤᠨ ᠮᠠᠯ ᠠᠵᠤ ᠠᠬᠤᠢ ᠶᠢᠨ | ᠣᠳᠣᠬᠢᠴᠢᠯᠠᠭᠰᠠᠨ ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ 19᠂ ᠠᠶᠢᠮᠠᠭ ᠤᠨ ᠲᠠᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 10᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠭᠤᠣᠯᠳᠠᠯᠭ᠎ᠠ ᠲᠠᠢ ᠭᠠᠴᠠᠭ᠎ᠠ ᠲᠣᠰᠬᠤᠨ 8᠂ | ᠬᠤᠰᠢᠭᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 5 | ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃ ᠠᠵᠤ ᠦᠢᠯᠡᠰ ᠤᠨ | ᠬᠥᠭᠵᠢᠯᠲᠡ ᠶᠢᠨ ᠠᠯᠬᠤᠭ᠎ᠠ ᠶᠢ ᠪᠥᠬᠦ ᠬᠦᠴᠦᠨ ᠢᠶᠠᠷ ᠲᠦᠷᠭᠡᠳᠭᠡᠬᠦ ᠭᠡᠷᠡᠭᠳᠡᠢ ᠃ ︽ᠲᠣᠮᠣ ᠰᠠᠭᠤᠷᠢᠨ ᠭᠠᠵᠠᠷ︾ | ᠤᠨ ᠪᠠᠶᠢᠭᠤᠯᠤᠯᠲᠠ ᠶᠢ ᠠᠬᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠯ ᠳᠤ ᠲᠦᠰᠢᠭᠯᠡᠨ᠂ | ᠪᠡᠯᠡ ᠮᠥᠩᠭᠦ ᠶᠢᠨ ᠨᠥᠬᠦᠪᠦᠷᠢ᠂ ᠮᠡᠷᠭᠡᠵᠢᠯ ᠤᠨ ᠵᠢᠯᠣᠭᠤᠳᠤᠯᠭ᠎ᠠ᠂ ᠵᠠᠬᠢᠶᠠᠯᠠᠭ᠎ᠠ ᠶᠢᠨ ᠪᠣᠷᠤᠯᠠᠭᠤᠯᠭ᠎ᠠ ᠵᠡᠷᠭᠡ | ᠬᠡᠯᠪᠡᠷᠢ ᠪᠠᠷ ᠲᠠᠮᠵᠢᠭᠠᠳ᠂ ᠲᠥᠮᠥᠰᠥ᠂ ᠰᠢᠬᠢᠷ ᠯᠤᠤᠪᠠᠩ᠂ ᠲᠣᠰᠣᠯᠢᠭ ᠲᠠᠷᠢᠮᠠᠯ ᠵᠡᠷᠭᠡ ᠳᠠᠪᠠᠭᠤᠯᠢᠭ ᠣᠨᠴᠠᠯᠢᠭᠲᠤ | ᠲᠠᠷᠢᠮᠠᠯ ᠤᠨ ᠲᠠᠯᠠᠪᠠᠢ ᠶᠢ ᠲᠣᠭᠲᠠᠭᠤᠨ ᠢᠶᠠᠷ ᠥᠷᠭᠡᠳᠬᠡᠵᠦ᠂ ᠲᠥᠮᠥᠰᠥ᠂ ᠰᠢᠬᠢᠷ ᠯᠤᠤᠪᠠᠩ᠂ ᠮᠠᠭᠠᠵᠢ ᠵᠡᠷᠭᠡ | ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠲᠤᠰᠪᠤᠷᠢ 1 ᠶᠢ ᠪᠠᠶᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 2 ᠲᠦᠮᠡᠨ ᠮᠤ᠋ ᠶᠢ | ᠰᠢᠨ᠎ᠡ ᠪᠠᠷ ᠪᠠᠶᠢᠭᠤᠯᠵᠤ᠂ ᠤᠯᠤᠰ ᠤᠨ ᠲᠣᠭᠠᠵᠢᠭᠤᠯᠤᠭᠰᠠᠨ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ | ᠬᠡᠷᠡᠭᠯᠡᠭᠡᠨ ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠡᠬᠢᠯᠡᠭᠦᠯᠦᠨ ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠣᠨ ᠤᠳᠤ | ᠦᠶ᠎ᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠤᠯᠤᠰ ᠤᠨ ᠲᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ ᠃ ᠴᠢᠨᠠᠷ ᠰᠠᠶᠢᠲᠠᠢ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠠᠶᠢᠨ ᠡᠭᠦᠯᠳᠡᠷ ᠤᠨ ᠮᠢᠬᠠᠨ ᠤ | ᠦᠬᠡᠷ ᠤᠷᠤᠭᠤᠯᠬᠤ ᠡᠷᠴᠢᠮ ᠢ ᠴᠢᠩᠭᠠᠷᠠᠭᠤᠯᠤᠨ᠂ 2000 ᠲᠤᠯᠤᠭᠠᠢ ᠮᠢᠬᠠᠨ ᠤ ᠦᠬᠡᠷ ᠬᠡᠪᠴᠢᠶᠡᠵᠢᠭᠦᠯᠦᠨ | ᠪᠤᠷᠳᠤᠬᠤ ᠮᠠᠯᠵᠢᠯ ᠤᠨ ᠲᠠᠯᠠᠪᠠᠶ ᠶᠢ ᠡᠵᠡᠩᠨᠡᠯᠲᠡ ᠳᠤ ᠣᠷᠣᠭᠤᠯᠵᠤ᠂ ᠴᠢᠨᠠᠷ ᠰᠠᠶᠢᠲᠠᠢ ᠮᠢᠬᠠᠨ ᠤ ᠦᠬᠡᠷ ᠤᠨ | ᠭᠤᠤᠯᠯᠠᠭᠴᠢ ᠰᠦᠷᠦᠭ 3᠂ ᠵᠠᠭᠤᠨ ᠦᠬᠡᠷ ᠠᠴᠠ ᠳᠡᠭᠡᠭᠰᠢ ᠬᠡᠪᠴᠢᠶᠡᠵᠢᠭᠦᠯᠦᠨ ᠪᠤᠷᠳᠤᠬᠤ ᠮᠠᠯᠵᠢᠯ ᠤᠨ | ᠲᠠᠯᠠᠪᠠᠶ 20 ᠶᠢ ᠪᠠᠶᠢᠭᠤᠯᠤᠨ ᠂ 18 ᠭᠠᠵᠠᠷ ᠲᠤ ᠬᠠᠰᠢᠶᠠᠯᠠᠨ ᠲᠡᠵᠢᠭᠡᠬᠦ ᠠᠷᠭ᠎ᠠ ᠶᠢ ᠭᠡᠷᠡᠭᠵᠢᠬᠦᠯᠵᠦ ᠂ ᠮᠠᠯ | ᠤᠨ ᠫᠧᠩ 1.4 ᠲᠦᠮᠡᠨ ᠬᠠᠪᠳᠠᠭᠠᠢ ᠳᠥᠷᠪᠡᠯᠵᠢᠨ ᠮᠧᠲᠷ ᠂ ᠡᠪᠡᠰᠦᠨ ᠤ ᠫᠧᠩ 2 ᠲᠦᠮᠡᠨ ᠬᠠᠪᠳᠠᠭᠠᠢ | ᠳᠥᠷᠪᠡᠯᠵᠢᠨ ᠮᠧᠲᠷ᠂ ᠨᠣᠭᠤᠭᠠᠨ ᠲᠠᠷᠤᠰᠢ ᠶᠢᠨ ᠵᠣᠭᠤᠷᠢ 5000 ᠪᠣᠰᠤᠭ᠎ᠠ ᠳᠥᠷᠪᠡᠯᠵᠢᠨ ᠮᠧᠲᠷ ᠢ | ᠪᠠᠶᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠬᠠᠮᠢᠶᠠᠷᠤᠯᠲᠠ | ᠪᠠ ᠨᠠᠷᠠᠲᠤ ᠲᠡᠮᠳᠡᠭ ᠤᠨ ᠡᠬᠦᠳᠦᠯᠳᠡ ᠶᠢ ᠴᠢᠩᠭᠠᠳᠬᠠᠵᠤ᠂ ᠪᠣᠬᠢᠷᠳᠤᠯ ᠦᠭᠡᠢ ᠪᠦᠲᠦᠭᠡᠭᠳᠡᠬᠦᠨ ᠢᠶᠠᠷ 3 ᠡᠷᠦᠬᠡ | ᠶᠢ ᠰᠢᠯᠭᠠᠨ ᠭᠡᠷᠡᠴᠢᠯᠡᠬᠦᠯᠵᠦ᠂ 2 ᠪᠦᠳᠦᠭᠡᠭᠳᠡᠬᠦᠨ ᠢ ᠪᠥᠬᠦ ᠤᠯᠤᠰ ᠤᠨ ᠨᠠᠷᠠᠲᠤ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠪᠤᠯᠭᠠᠬᠤ ᠪᠠᠷ ᠡᠷᠡᠮᠡᠯᠵᠡᠯᠡᠨ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ | ᠪᠦᠲᠦᠭᠡᠭᠳᠡᠬᠦᠨ ᠢ 16 ᠳᠤ ᠬᠦᠷᠭᠡᠬᠦ ᠪᠠᠷ ᠴᠢᠷᠮᠠᠶᠢᠨ᠎ᠠ᠃ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠵᠠᠩ ᠵᠠᠩᠰᠢᠯ ᠤᠨ ᠦᠬᠡᠷᠡᠴᠢᠯᠡᠯᠳᠡ ᠶᠢ ᠵᠢᠯᠤᠭᠤᠳᠤᠨ᠂ ᠪᠣᠯᠪᠠᠰᠤᠨ | ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ | ᠪᠣᠯᠭᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ |