2023 ᠣᠨ ᠤ ᠭᠤᠤᠯᠳᠠᠯᠭ᠎ᠠ ᠲᠠᠢ ᠠᠵᠢᠯ ᠡᠬᠦᠷᠭᠡ 3
ᠨᠡᠶᠢᠲᠡᠯᠡᠭᠰᠡᠨ ᠴᠠᠭ᠄
2023/1/30
 ︵ᠭᠤᠷᠪᠠ︶ ᠰᠣᠶᠣᠯ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂  ᠠᠷᠠᠯᠵᠢᠶ᠎ᠠ ᠵᠢᠭᠤᠯᠴᠢᠯᠠᠯ ᠢ ᠬᠦᠭᠵᠢᠬᠦᠯᠬᠦ ᠰᠢᠨ᠎ᠡ ᠠᠵᠠ ᠲᠣᠬᠢᠶᠠᠯ ᠢ ᠡᠵᠡᠮᠳᠡᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃  ︽ᠬᠠᠭᠠᠨ ᠤ ᠠᠳᠤᠭᠤᠨ ᠵᠤᠰᠠᠭᠠᠯ︾ ᠢ ᠲᠠᠰ ᠳᠡᠪᠰᠢᠭᠦᠯᠦᠨ ᠥᠭᠡᠷᠡᠴᠢᠯᠡᠬᠦ᠂  ᠭᠡᠪ ᠨᠠᠮᠪᠠᠳᠤ ᠠᠳᠤᠭᠤᠳᠤ ᠪᠠᠯᠭᠠᠰᠤᠨ ᠤ ᠰᠡᠯᠡᠬᠦᠴᠡᠯ ᠤᠨ ᠤᠷᠤᠨ᠂ ᠵᠢᠭᠤᠯᠴᠢᠯᠠᠭᠴᠢᠳ ᠲᠤ ᠦᠢᠯᠡᠴᠢᠯᠡᠬᠦ ᠲᠥᠪ᠂ ᠤᠯᠠᠭᠠᠨᠮᠥ᠋ᠴᠢᠷ ᠤᠨ ᠤᠷᠠᠯᠢᠭ ᠤᠨ ᠲᠥᠪ᠂ ᠪᠢᠶᠠᠨ ᠴᠢᠶᠠᠩ ᠲᠣᠰᠬᠤᠨ ᠤ ᠤᠮᠪᠠᠯᠲᠠ ᠶᠢᠨ ᠣᠷᠳᠣᠨ᠂ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ  ᠱᠤᠭᠤᠮ ᠤᠨ ᠴᠢᠨᠠᠷ ᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠲᠠᠰ ᠳᠡᠪᠰᠢᠬᠦ ᠶᠢ ᠠᠬᠢᠭᠤᠯᠤᠨ᠎ᠠ᠃  ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠨᠢᠭᠡ ᠪᠦᠯᠦᠭ ᠰᠣᠳᠣᠨ ᠵᠦᠢᠯᠡᠰ ᠪᠠ ᠵᠢᠭᠤᠯᠴᠢᠯᠠᠯ ᠤᠨ ᠱᠤᠭᠤᠮ ᠢ ᠢᠳᠡᠪᠬᠢᠲᠡᠢ ᠪᠠᠷ ᠤᠬᠠᠭᠠᠯᠠᠨ ᠰᠡᠳᠦᠵᠦ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠳᠠᠭᠤᠤ ᠬᠥᠭᠵᠢᠮ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠠ᠃ ᠣᠷᠣᠨ ᠪᠦᠰᠡ ᠶᠢᠨ  ᠵᠢᠭᠤᠯᠴᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂  ᠬᠠᠭᠠᠨ ᠤ ᠠᠳᠤᠭᠤᠨ ᠰᠤᠶᠤᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠠᠮᠢᠳᠤᠯᠢᠭ ᠢᠶᠠᠷ ᠦᠷᠨᠢᠬᠦᠯᠦᠨ᠂  ᠲᠠᠶᠢᠹᠤᠰᠧ ᠬᠤᠰᠢᠭᠤ ᠪᠠᠨ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠶᠢᠷ᠎ᠠ ᠪᠠᠶᠢᠭᠠᠯᠢᠯᠢᠭ ᠲᠠᠯ᠎ᠠ ᠨᠤᠳᠤᠭ ᠤᠨ ᠵᠢᠭᠤᠯᠴᠢᠯᠠᠯ ᠤᠨ ᠤᠷᠤᠨ ᠪᠤᠯᠭᠠᠵᠤ ᠪᠠᠶᠢᠭᠤᠯᠬᠤ ᠪᠠᠷ ᠴᠢᠷᠮᠠᠶᠢᠨ᠎ᠠ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠢ  ᠲᠦᠷᠭᠡᠳᠬᠡᠨ ᠪᠠᠶᠢᠭᠤᠯᠬᠤ ᠭᠡᠷᠡᠭᠳᠡᠢ᠃ ᠡᠯᠧᠺᠲᠷᠣᠨ ᠬᠤᠳᠠᠯᠳᠤᠭᠠᠨ ᠤ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠬᠦᠢᠲᠡᠨ ᠬᠡᠯᠬᠢᠶᠡᠲᠦ ᠪᠠᠷᠠᠭᠠᠨ ᠤ ᠲᠣᠬᠢᠷᠠᠭᠤᠯᠤᠨ ᠬᠦᠷᠭᠡᠬᠦ ᠲᠥᠪ ᠤᠨ ᠡᠯ᠎ᠡ ᠵᠦᠢᠯ ᠤᠨ ᠴᠢᠳᠠᠮᠵᠢ ᠶᠢᠨ ᠪᠠᠶᠢᠭᠤᠯᠤᠯᠲᠠ ᠶᠢ  ᠴᠢᠨᠠᠭᠰᠢᠳᠠ ᠲᠡᠭᠦᠯᠳᠡᠷᠵᠢᠭᠦᠯᠦᠨ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂  ᠬᠦᠢᠲᠡᠨ ᠬᠡᠯᠬᠢᠶᠡᠲᠦ ᠪᠤᠳᠠᠰ ᠢ ᠬᠥᠮᠥᠷᠭᠡᠯᠡᠨ ᠬᠠᠳᠠᠭᠠᠯᠠᠬᠤ ᠡᠯ᠎ᠡ ᠴᠢᠳᠠᠮᠵᠢᠲᠤ ᠣᠷᠣᠨ ᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠬᠡᠷᠡᠭᠯᠡᠭᠡᠨ ᠤ ᠵᠦᠢᠯ ᠢ ᠬᠥᠳᠡᠭᠡ ᠪᠠᠭᠤᠯᠭᠠᠬᠤ ᠪᠠ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠤᠲᠠ ᠳᠤ ᠣᠷᠣᠬᠤ ᠨᠣᠷᠮ᠎ᠠ ᠶᠢ ᠲᠠᠰᠤᠷᠠᠯᠲᠠ ᠦᠭᠡᠢ  ᠲᠡᠭᠡᠭᠰᠢᠯᠡᠬᠦᠯᠦᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠨᠡᠴᠢᠯᠡᠨ ᠬᠦᠭᠵᠢᠬᠦᠯᠬᠦ ᠭᠡᠷᠡᠭᠳᠡᠢ᠃ ᠪᠥᠬᠦ ᠠᠷᠠᠳ ᠢᠶᠠᠷ ᠢᠶᠠᠨ ᠰᠢᠨ᠎ᠡ ᠶᠢ ᠡᠭᠦᠳᠦᠨ ᠦᠢᠯᠡᠰ ᠪᠦᠳᠦᠭᠡᠬᠦ ᠶᠢ ᠢᠳᠡᠪᠬᠢᠲᠡᠢ ᠵᠣᠷᠢᠭᠵᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠰᠦᠯᠵᠢᠶᠡᠨ ᠤ ᠰᠤᠷᠭᠠᠨ ᠬᠥᠮᠦᠵᠢᠯ ᠵᠡᠷᠭᠡ ︽ᠢᠨᠲ᠋ᠧᠷ ᠰᠦᠯᠵᠢᠶ᠎ᠡ +︾  ᠰᠢᠨ᠎ᠡ  ᠭᠡᠷᠡᠭᠯᠡᠭᠡᠨ ᠤ ᠵᠠᠭᠪᠤᠷ ᠢ ᠲᠡᠳᠬᠦᠨ ᠬᠦᠭᠵᠢᠬᠦᠯᠵᠦ᠂   ᠭᠡᠪ ᠨᠠᠮᠪᠠᠳᠤ ᠠᠷᠠᠯᠵᠢᠶᠠᠨ ᠤ ᠵᠡᠭᠡᠯᠢ ᠶᠢ ᠪᠠᠶᠢᠭᠤᠯᠤᠨ᠂ ᠥᠷᠯᠥᠭᠡ ᠦᠳᠡᠰᠢ ᠶᠢᠨ ᠵᠠᠬ᠎ᠠ᠂ ᠢᠳᠡᠭᠡᠨ ᠤᠮᠳᠠᠭᠠᠨ ᠵᠤᠭ᠎ᠠ ᠴᠡᠩᠭᠡᠯ᠂ ᠰᠦᠯᠵᠢᠶᠡᠨ ᠤᠳᠤᠨ ᠤ ᠵᠢᠭᠤᠯᠴᠢᠯᠠᠯ ᠵᠡᠷᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠠ ᠳᠠᠶᠢᠴᠢᠯᠠᠬᠤ ᠬᠢᠷᠢ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号