2023 ᠣᠨ ᠤ ᠭᠤᠤᠯᠳᠠᠯᠭ᠎ᠠ ᠲᠠᠢ ᠠᠵᠢᠯ ᠡᠬᠦᠷᠭᠡ 4
ᠨᠡᠶᠢᠲᠡᠯᠡᠭᠰᠡᠨ ᠴᠠᠭ᠄
2023/1/30
 ︵ᠳᠥᠷᠪᠡ︶ ᠰᠠᠭᠤᠷᠢ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠳᠤᠯᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠳᠠ ᠪᠠᠯᠭᠠᠰᠤᠨ ᠤ ᠴᠢᠳᠠᠮᠵᠢ ᠶᠢᠨ ᠢᠵᠢ  ᠪᠦᠷᠢᠳᠦᠭᠰᠡᠨ ᠦᠢᠯᠡᠴᠢᠯᠡᠭᠡ ᠶᠢ  ᠲᠡᠬᠦᠯᠳᠡᠷᠵᠢᠬᠦᠯᠬᠦ ᠭᠡᠷᠡᠭᠳᠡᠢ᠃ ᠬᠤᠲᠠ ᠪᠠᠯᠭᠠᠰᠤᠨ ᠤ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂  ᠬᠦᠸᠧ ᠹᠠᠩ ᠪᠠᠷᠠᠭᠤᠨ ᠵᠡᠭᠡᠯᠢ ᠶᠢᠨ ᠲᠡᠷᠭᠡᠨ ᠵᠣᠭᠰᠣᠭᠠᠯ ᠢ  ᠪᠠᠶᠢᠭᠤᠯᠤᠨ᠂ ᠰᠢᠨ ᠬᠤᠸᠠ ᠨᠡᠶᠢᠬᠡᠮ ᠲᠣᠭᠤᠷᠢᠭ᠂ ᠲᠠᠢ ᠫᠢᠩ ᠨᠡᠶᠢᠭᠡᠮ ᠲᠣᠭᠤᠷᠢᠭ ᠪᠣᠯᠣᠨ  ᠪᠤᠤᠴᠠᠩ ᠤᠨ ᠬᠤᠶᠢᠳᠤ ᠭᠡᠰᠡᠭ ᠲᠠᠬᠢ ᠲᠦᠬᠦᠮ ᠪᠦᠲᠦᠴᠡᠲᠦ ᠣᠷᠣᠨ ᠰᠠᠭᠤᠴᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠦᠴᠢᠷ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ᠂ ᠲᠠᠢ ᠫᠢᠩ ᠨᠡᠶᠢᠭᠡᠮ ᠲᠣᠭᠤᠷᠢᠭ᠂ ᠼᠠᠢ ᠶᠤᠸᠠᠨ ᠲᠣᠰᠬᠤᠨ ᠤ ᠨᠤᠷᠠᠭᠠᠵᠤ ᠨᠡᠭᠦᠯᠭᠡᠬᠦ ᠠᠵᠢᠯ ᠪᠠ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠪᠤᠰᠤᠨ ᠤ ᠦᠢᠯᠡᠰ ᠤᠨ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠺᠣᠮᠫᠠᠨᠢ ᠶᠢᠨ ᠬᠤᠶᠠᠳᠤᠭᠠᠷ ᠲᠣᠰᠣ ᠨᠡᠮᠡᠬᠦ ᠦᠷᠳᠡᠭᠡ ᠶᠢ ᠨᠡᠭᠦᠯᠭᠡᠬᠦ ᠠᠵᠢᠯ ᠢ ᠬᠢᠨ᠎ᠡ᠃ ᠪᠢᠨ ᠾᠧ ᠵᠠᠮ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ᠂ ᠰᠢᠨ᠎ᠡ ᠬᠡᠯᠪᠡᠷᠢ ᠶᠢᠨ ᠬᠤᠲᠠ  ᠪᠠᠯᠭᠠᠰᠤᠨ ᠤ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠂  ᠤᠰᠤᠨ ᠤ ᠬᠡᠮᠵᠢᠬᠦᠷ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠵᠡᠷᠭᠡ   ᠶᠢ ᠬᠡᠷᠡᠭᠵᠢᠭᠦᠯᠵᠦ ᠂ 12. 2 ᠺᠢᠯᠣᠮᠧᠲᠷ ᠤᠰᠤ ᠬᠠᠩᠭᠠᠬᠤ ᠬᠤᠭᠤᠯᠠᠢ  ᠂ 24.4 ᠺᠢᠯᠣᠮᠧᠲᠷ ᠢᠯᠴᠢ ᠬᠠᠩᠭᠠᠬᠤ ᠬᠤᠭᠤᠯᠠᠢ ᠂ 12.2 ᠺᠢᠯᠣᠮᠧᠲᠷ ᠪᠣᠬᠢᠷ ᠤᠰᠤᠨ ᠤ ᠬᠤᠭᠤᠯᠠᠢ ᠂ 5.9 ᠺᠢᠯᠣᠮᠧᠲᠷ ᠪᠣᠷᠣᠭᠠᠨ ᠤ ᠤᠰᠤᠨ ᠤ ᠬᠤᠭᠤᠯᠠᠢ ᠶᠢ ᠳᠡᠪᠢᠰᠴᠦ ᠂ 4 ᠬᠠᠭᠤᠴᠢᠨ ᠰᠠᠭᠤᠭᠠᠯᠢ ᠲᠣᠭᠤᠷᠢᠭ  ᠤᠨ ᠥᠭᠡᠷᠡᠴᠢᠯᠡᠨ ᠵᠠᠰᠠᠬᠤ ᠢᠨᠵᠧᠨᠧᠷᠢᠩ ᠢ  ᠪᠡᠶᠡᠯᠡᠬᠦᠯᠦᠨ᠎ᠡ᠃ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ  ᠲᠦᠪᠰᠢᠨ ᠢ ᠲᠡᠭᠡᠭᠰᠢᠯᠡᠬᠦᠯᠬᠦ ᠭᠡᠷᠡᠭᠳᠡᠢ  ᠃ ︽ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢ ᠥᠷᠨᠢᠭᠦᠯᠵᠦ᠂ ᠵᠠᠮ ᠡᠵᠡᠯᠡᠨ ᠠᠷᠠᠯᠵᠢᠶ᠎ᠠ ᠬᠢᠬᠦ  ᠂  ᠲᠡᠷᠭᠡ ᠬᠦᠰᠭᠡ ᠳᠤᠷ᠎ᠠ ᠪᠠᠷ ᠵᠣᠭᠰᠣᠭᠠᠬᠤ᠂  ᠡᠳ᠋ ᠪᠠᠷᠠᠭ᠎ᠠ ᠳᠤᠷ᠎ᠠ ᠪᠠᠷ ᠤᠪᠤᠭᠠᠯᠠᠬᠤ᠂ ᠬᠤᠭ ᠨᠤᠪᠰᠢ ᠳᠤᠷ᠎ᠠ ᠪᠠᠷ ᠠᠰᠠᠬᠠᠬᠤ ᠵᠡᠷᠭᠡ ︽ᠬᠤᠲᠠ ᠶᠢᠨ ᠠᠷᠬᠠᠭ︾ ᠢ ᠶᠡᠭᠡ ᠪᠠᠷ ᠴᠡᠭᠴᠡᠯᠡᠨ ᠵᠠᠰᠠᠵᠤ᠂  ᠵᠡᠭᠡᠯᠢ ᠴᠡᠪᠡᠷᠯᠡᠬᠦ᠂ ᠢᠯᠴᠢ ᠬᠠᠩᠭᠠᠬᠤ᠂ ᠬᠡᠢ ᠬᠠᠩᠭᠠᠬᠤ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠂ ᠠᠷᠢᠭᠤᠨ ᠴᠡᠪᠡᠷ᠂ ᠡᠮᠬᠢ ᠲᠢᠭᠯᠡᠮ ᠲᠠᠢ᠂ ᠠᠮᠤᠷ ᠲᠦᠪᠰᠢᠨ᠂ ᠪᠣᠯᠪᠠᠰᠤᠨ ᠰᠠᠶᠢᠬᠠᠨ ᠬᠤᠲᠠ ᠪᠠᠯᠭᠠᠰᠤᠨ ᠤ ᠣᠷᠴᠢᠨ ᠲᠤᠭᠤᠷᠢᠨ ᠢ ᠪᠣᠶ ᠪᠣᠯᠭᠠᠨ᠎ᠠ᠃ ︽ᠠᠳᠠᠯ ᠠᠬᠤᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠴᠡᠭᠴᠡᠯᠡᠵᠦ ᠲᠦᠷᠢᠮᠵᠢᠬᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠦᠶᠯᠡ ᠠᠵᠢᠯᠯᠠᠭ᠎ᠠ ᠶᠢ ᠦᠨᠡᠨ ᠪᠣᠳᠠᠲᠠᠢ ᠪᠥᠭᠡᠳ ᠡᠷᠴᠢ ᠬᠦᠴᠦᠲᠡᠢ ᠠᠷᠭ᠎ᠠ ᠬᠡᠮᠵᠢᠶ᠎ᠡ ᠠᠪᠴᠤ ᠴᠡᠭᠴᠡᠯᠡᠨ᠂ ᠪᠣᠯᠪᠠᠰᠤᠨ ᠬᠤᠲᠠ ᠶᠢᠨ ᠪᠠᠶᠢᠭᠤᠯᠤᠯᠳᠠ ᠶᠢ ᠦᠷᠭᠦᠯᠵᠢᠯᠡᠨ ᠬᠦᠨᠵᠡᠬᠡᠶᠢᠷᠡᠬᠦᠯᠵᠦ᠂ ᠪᠥᠬᠦ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠠᠰᠠᠷ᠂ ᠣᠷᠣᠨ ᠰᠠᠭᠤᠴᠠ ᠶᠢᠨ ᠠᠰᠠᠷ ᠤᠨ ︽ ᠭᠡᠷ ᠢᠶᠠᠨ ᠲᠤᠰᠢᠶᠠᠮᠠᠭᠴᠠ ᠦᠨᠡᠮᠯᠡᠯ ᠢ ᠭᠠᠷᠳᠠᠭᠤᠯᠬᠤ︾ ᠠᠵᠢᠯ ᠢ ᠬᠢᠨᠠᠮᠠᠭᠠᠢ ᠰᠠᠶᠢᠨ ᠬᠢᠵᠦ᠂  ᠦᠨᠡᠮᠯᠡᠯ ᠬᠦᠢᠴᠡᠳᠭᠡᠬᠦ ᠳᠤ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠤᠰᠤᠨ ᠠᠰᠢᠭᠯᠠᠯᠲᠠ ᠵᠠᠮ ᠬᠠᠷᠢᠯᠴᠠᠭᠠᠨ ᠤ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠡᠢ᠃  ︽ᠳᠥᠷᠪᠡᠨ ᠰᠠᠶᠢᠨᠲᠠᠢ ᠬᠥᠳᠡᠭᠡ ᠶᠢᠨ ᠵᠠᠮ︾ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠴᠠᠭ᠎ᠠ ᠲᠣᠰᠬᠤᠨ ᠤ ᠵᠠᠮ ᠨᠡᠪᠲᠡᠷᠡᠯᠭᠡ ᠶᠢᠨ ᠨᠥᠬᠦᠴᠡᠯ ᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠢ 101 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂   ᠲᠠᠢ ᠽᠢ  ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠶᠢ ᠠᠬᠢᠭᠤᠯᠤᠨ᠂ ︽304︾  ᠮᠤᠵᠢ ᠶᠢᠨ ᠵᠠᠮ ᠤᠨ ᠰᠢ ᠭᠠᠨ ᠭᠸᠦ ᠠᠴᠠ ᠵᠥᠩ ᠾᠧ ᠬᠦᠷᠬᠦ ᠬᠡᠰᠡᠭ ᠤᠨ ᠪᠠᠷᠢᠯᠭ᠎ᠠ ᠶᠢ ᠪᠥᠬᠦ ᠲᠠᠯ᠎ᠠ ᠪᠠᠷ ᠳᠠᠭᠤᠰᠬᠠᠵᠤ ᠲᠡᠷᠭᠡ ᠨᠡᠪᠲᠡᠷᠡᠭᠦᠯᠦᠨ᠎ᠡ᠃ ᠤᠰᠤᠨ ᠤ  ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ  ᠦᠪᠡᠷᠳᠡᠭᠡᠨ ᠪᠡᠯᠡᠳᠭᠡᠭᠰᠡᠨ ᠬᠤᠳᠳᠤᠭ  ᠮᠠᠯᠳᠠᠵᠤ ᠭᠡᠷᠡᠭᠯᠡᠬᠦ ᠶᠢ ᠡᠷᠡᠰ ᠵᠤᠭᠰᠤᠭᠠᠨ᠎ᠠ  ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠪᠠᠬᠢᠵᠢᠭᠦᠯᠦᠨ  ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂  ᠲᠥᠪᠯᠡᠷᠡᠭᠦᠯᠦᠨ ᠤᠰᠤ ᠬᠠᠩᠭᠠᠬᠤ ᠦᠷᠳᠡᠭᠡ 17  ᠶᠢ ᠰᠢᠨ᠎ᠡ ᠪᠠᠷ ᠪᠠᠶᠢᠭᠤᠯᠬᠤ  ᠶᠢᠨ ᠬᠠᠮᠳᠤ᠂ 4 ᠺᠢᠯᠣᠮᠧᠲᠷ ᠦᠶᠡᠷ ᠵᠠᠯᠠᠬᠤ ᠭᠤᠤ ᠶᠢ ᠵᠠᠰᠠᠵᠤ᠂ 20  ᠬᠠᠪᠳᠠᠭᠠᠢ ᠳᠥᠷᠪᠡᠯᠵᠢᠨ ᠺᠢᠯᠣᠮᠧᠲᠷ  ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠨ᠎ᠡ᠃ ᠾᠸᠦ ᠹᠠᠩ ᠽᠢ ᠲᠤᠰᠬᠤᠨ ᠤ ᠤᠰᠤ ᠬᠤᠷᠠᠬᠤ ᠠᠰᠠᠭᠤᠳᠠᠯ ᠢ ᠰᠢᠢᠳᠪᠦᠷᠢᠯᠡᠵᠦ᠂ ᠬᠠᠨ ᠢᠦᠢ ᠶᠢᠩ ᠭᠤᠣᠯ ᠤᠨ ᠦᠶᠡᠷ ᠰᠡᠷᠭᠡᠶᠢᠯᠡᠬᠦ ᠢᠨᠵᠧᠨᠧᠷᠢᠩ ᠢ ᠲᠦᠷᠭᠡᠳᠭᠡᠨ᠂ ᠦᠶᠡᠷ ᠤᠨ ᠬᠤᠭᠤᠴᠠᠭ᠎ᠠ ᠠᠴᠠ ᠡᠮᠦᠨ᠎ᠡ ᠠᠰᠢᠭᠯᠠᠯᠲᠠ ᠳᠤ ᠣᠷᠣᠭᠤᠯᠤᠨ᠎ᠠ᠃ ᠴᠠᠬᠢᠯᠭᠠᠨ ᠬᠦᠴᠦᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂  110 ᠺᠢᠯᠣᠸᠠᠲ ᠤᠨ ᠴᠠᠬᠢᠯᠭᠠᠨ ᠲᠠᠮᠵᠢᠭᠤᠯᠵᠤ ᠬᠦᠴᠦᠳᠡᠯ ᠥᠭᠡᠷᠡᠴᠢᠯᠡᠬᠦ ᠦᠷᠳᠡᠭᠡ᠂ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠭᠤᠣᠯ ᠬᠤᠪᠢᠰᠬᠠᠭᠤᠷ  ᠤᠨ ᠪᠠᠭᠲᠠᠭᠠᠮᠵᠢ ᠶᠢ ᠨᠡᠮᠡᠭᠳᠡᠭᠦᠯᠬᠦ ᠪᠠ 10 ᠺᠢᠯᠣᠸᠠᠲ   ᠠᠴᠠ ᠳᠣᠷᠣᠭᠰᠢᠬᠢ ᠴᠠᠬᠢᠯᠭᠠᠨ ᠲᠠᠮᠵᠢᠭᠤᠯᠬᠤ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠵᠡᠷᠭᠡ ᠶᠢ ᠠᠵᠢᠯ ᠡᠬᠢᠯᠡᠭᠦᠯᠵᠤ᠂ 5G ᠰᠦᠯᠵᠢᠶ᠎ᠡ ᠪᠠ ᠭᠡᠷᠡᠯᠯᠢᠭ ᠰᠢᠷᠬᠡᠭ ᠤᠨ ᠥᠷᠭᠡᠨ ᠪᠦᠰᠡ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号