︵ᠲᠠᠪᠤ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ | ᠪᠠᠳᠤᠯᠠᠭᠠᠨ ᠤ ᠲᠣᠣᠷ ᠢ ᠨᠢᠭᠲᠠ ᠪᠠᠳᠤ ᠰᠦᠯᠵᠢᠬᠦ ᠭᠡᠷᠡᠭᠳᠡᠢ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠤᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠡᠮᠨᠡᠯᠭᠡ ᠶᠢᠨ ᠳᠠᠭᠠᠳᠬᠠᠯ ᠤᠨ ᠳᠦᠷᠢᠮ ᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ | ᠣᠷᠤᠯᠴᠠᠬᠤ ᠶᠣᠰᠣᠲᠠᠢ ᠶᠢ ᠨᠢ ᠪᠦᠷ ᠤᠷᠤᠯᠴᠠᠭᠤᠯᠬᠤ᠂ ᠪᠠᠲᠤᠯᠠᠬᠤ ᠶᠣᠰᠣᠲᠠᠢ ᠶᠢ ᠨᠢ ᠪᠦᠷ ᠪᠠᠲᠤᠯᠠᠬᠤ ᠶᠢ | ᠪᠡᠶᠡᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠦᠢᠯᠡᠰ ᠪᠦᠳᠦᠬᠡᠵᠦ ᠠᠵᠢᠯ ᠣᠯᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠡᠷᠴᠢᠮ ᠢ | ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠳ ᠪᠠ | ᠨᠢᠭᠡ ᠨᠢ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠠᠵᠢᠯ ᠣᠯᠬᠤ ᠠᠷᠭ᠎ᠠ ᠵᠠᠮ ᠢ ᠦᠷᠭᠡᠳᠭᠡᠵᠦ᠂ 1200 | ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠶᠢ ᠲᠠᠷᠬᠠᠭᠠᠨ᠂ ᠬᠤᠲᠠ ᠪᠠᠯᠭᠠᠰᠤᠨ ᠤ | ᠠᠵᠢᠯ ᠠᠯᠳᠠᠯᠲᠠ ᠶᠢᠨ ᠨᠣᠷᠮ᠎ᠠ ᠶᠢ 5% ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠳᠤᠯᠠᠭᠠᠨ ᠤ ᠪᠠᠷᠢᠮᠵᠢᠶ᠎ᠠ ᠶᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠤᠳᠠ ᠬᠥᠳᠡᠭᠡ ᠶᠢᠨ | ᠲᠠᠪᠤᠨ ᠪᠠᠳᠤᠯᠠᠭ᠎ᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠡᠪᠡᠳᠴᠢᠳᠡᠨ ᠢ ᠠᠪᠤᠷᠠᠨ | ᠲᠤᠰᠠᠯᠠᠬᠤ᠂ ᠭᠠᠢ ᠭᠠᠮᠰᠢᠭ ᠠᠴᠠ ᠠᠪᠤᠷᠠᠨ ᠲᠡᠳᠬᠦᠬᠦ ᠵᠡᠷᠭᠡ ᠲᠦᠷᠦ ᠶᠢᠨ ᠪᠣᠳᠣᠯᠭ᠎ᠠ ᠶᠢ ᠨᠢᠮᠪᠠᠢ | ᠨᠠᠶᠢᠳᠠᠪᠤᠷᠢᠵᠢᠭᠤᠯᠤᠨ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ᠂ ᠬᠥᠯᠥᠰᠦᠨ ᠠᠵᠢᠯᠴᠢᠨ ᠤ ᠡᠷᠬᠡ | ᠠᠰᠢᠭ ᠢ ᠬᠠᠮᠠᠭᠠᠯᠠᠬᠤ ᠪᠠ ᠬᠦᠴᠢᠷᠳᠡᠯ ᠲᠠᠢ ᠬᠦᠮᠦᠰ ᠢ ᠲᠡᠳᠬᠦᠨ ᠲᠤᠰᠠᠯᠠᠬᠤ ᠠᠵᠢᠯ ᠢ ᠢᠳᠡᠪᠬᠢᠲᠡᠢ ᠰᠠᠶᠢᠨ ᠬᠢᠵᠦ | ᠂ ᠨᠡᠶᠢᠭᠡᠮ ᠤᠨ ᠪᠠᠳᠤᠯᠠᠭᠠᠨ ᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠰᠤᠷᠭᠠᠨ | ᠬᠥᠮᠦᠵᠢᠯ ᠡᠮ ᠡᠮᠨᠡᠯᠭᠡ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠬᠤ ᠭᠡᠷᠡᠭᠳᠡᠢ᠃ ᠳᠥᠷᠪᠡᠳᠦᠭᠡᠷ ᠳᠤᠮᠳᠠᠳᠤ | ᠰᠤᠷᠭᠠᠭᠤᠯᠢ ᠶᠢᠨ ᠡᠮᠦᠨ᠎ᠡ ᠡᠭᠦᠳᠡ ᠬᠢᠭᠡᠳ 1 ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ 2 ᠳᠤᠮᠳᠠᠳᠤ | ᠰᠤᠷᠭᠠᠭᠤᠯᠢ ᠶᠢᠨ ᠬᠤᠭᠤᠯᠠᠨ ᠭᠡᠷ ᠢ ᠥᠭᠡᠷᠡᠴᠢᠯᠡᠨ ᠪᠠᠶᠢᠭᠤᠯᠵᠤ᠂ 3 ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ | ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠨᠢᠭᠡᠳᠦᠭᠡᠷ ᠹᠷᠣᠨᠲ ᠲᠤ ᠲᠤᠲᠠᠭᠳᠠᠵᠤ ᠪᠠᠶᠢᠭ᠎ᠠ ᠪᠠᠭᠰᠢ ᠨᠠᠷ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠡᠨᠡ ᠵᠢᠯ ᠳᠤ 60 ᠨᠡᠷ᠎ᠡ ᠪᠠᠭᠰᠢ ᠶᠢ ᠡᠯᠰᠡᠨ ᠭᠡᠷᠡᠭᠯᠡᠬᠦ ᠪᠦᠭᠡᠳ | ᠨᠡᠷᠡᠳᠦ ᠰᠢᠯᠢᠳᠡᠭ ᠪᠠᠭᠰᠢ ᠶᠢ ᠤᠷᠢᠵᠤ ᠤᠷᠤᠭᠤᠯᠤᠨ᠂ ᠪᠠᠭᠰᠢ ᠶᠢᠨ ᠡᠩᠨᠡᠭᠡ ᠪᠠ ᠵᠢᠭᠠᠨ ᠰᠤᠷᠭᠠᠯᠳᠠ ᠶᠢᠨ | ᠬᠠᠮᠢᠶᠠᠷᠤᠯᠳᠠ ᠶᠢ ᠴᠢᠩᠭᠠᠳᠬᠠᠵᠤ᠂ ᠪᠦᠬᠦ ᠨᠡᠶᠢᠬᠡᠮ ᠢ ᠲᠠᠶᠢᠴᠢᠯᠠᠨ ᠰᠤᠷᠭᠠᠨ ᠬᠦᠮᠦᠵᠢᠯ ᠢ ᠬᠠᠮᠵᠢᠯᠴᠠᠨ ᠠᠳᠬᠤᠵᠤ᠂ | ᠦᠨᠡᠨ ᠪᠤᠳᠠᠳᠠᠢ ᠦᠷ᠎ᠡ ᠪᠦᠳᠦᠮᠵᠢ ᠪᠠᠷ ᠰᠤᠷᠭᠠᠨ ᠬᠦᠮᠦᠵᠢᠯ ᠤᠨ ᠢᠳᠡᠭᠡᠯ ᠢ ᠪᠠᠳᠤᠳᠬᠠᠨ᠎ᠠ᠃ ᠡᠮᠨᠡᠯᠭᠡ ᠶᠢᠨ | ᠦᠢᠯᠡᠴᠢᠯᠡᠭᠡᠨ ᠤ ᠠᠷᠠᠳ ᠲᠤ ᠨᠠᠩ ᠲᠥᠬᠦᠮ ᠦᠵᠡᠭᠦᠯᠵᠦ ᠠᠷᠠᠳ ᠲᠤ ᠨᠠᠩ ᠠᠰᠢᠭᠲᠠᠢ ᠪᠣᠯᠭᠠᠬᠤ ᠶᠢ ᠠᠬᠢᠭᠤᠯᠵᠤ | ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠱᠠᠲᠤ | ᠬᠤᠪᠢᠶᠠᠵᠤ ᠣᠨᠣᠰᠢᠯᠠᠨ ᠡᠮᠨᠡᠬᠦ ᠪᠠ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠳᠦᠷᠢᠮ ᠢ | ᠲᠡᠭᠦᠯᠳᠡᠷᠵᠢᠭᠦᠯᠵᠦ᠂ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠮᠡᠷᠭᠡᠵᠢᠯ ᠤᠨ ᠴᠣᠯᠠ | ᠲᠣᠭᠲᠠᠭᠠᠬᠤ ᠭᠤᠣᠯᠳᠠᠯᠭ᠎ᠠ ᠶᠢ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ ᠳᠠᠰᠢ ᠬᠡᠯᠪᠡᠶᠢᠯᠭᠡᠨ᠎ᠡ᠃ ᠬᠢᠳᠠᠳ | ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠡᠨᠡ ᠵᠢᠯ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠡᠯ᠎ᠡ ᠲᠦᠷᠦᠯ ᠤᠨ ᠨᠡᠶᠢᠭᠡᠮ ᠤᠨ ᠦᠢᠯᠡᠰ ᠢ ᠶᠡᠬᠡᠪᠡᠷ | ᠬᠦᠭᠵᠢᠬᠦᠯᠬᠦ ᠭᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ | ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠠᠮᠲᠤᠪᠠᠷ ᠡᠳ᠋ᠯᠡᠵᠦ ᠬᠠᠮᠲᠤᠪᠠᠷ ᠵᠠᠰᠠᠬᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠳᠬᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠡᠳᠡᠨ | ᠳᠤ ᠢᠯᠡᠭᠦᠬᠡᠨ ᠬᠠᠶᠢᠷ᠎ᠠ ᠬᠠᠯᠠᠮᠵᠢ ᠬᠦᠷᠲᠡᠭᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠭᠦᠨᠵᠡᠭᠡᠢ ᠰᠠᠶᠢᠲᠤᠷ ᠠᠳᠬᠤᠵᠤ᠂ ᠤᠷᠠᠨ ᠰᠠᠶᠢᠬᠠᠨ ᠤ ᠲᠣᠭᠯᠠᠯᠲᠠ ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ | ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ ᠳ᠋ᠦᠩ ᠵᠢᠶᠤᠤ ᠪᠡᠶ᠎ᠡ ᠴᠢᠭᠢᠷᠠᠭᠵᠢᠭᠤᠯᠬᠤ ᠲᠥᠪ᠂ | ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠪᠠ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠠᠷᠠᠳ ᠲᠤ ᠠᠰᠢᠭ | ᠬᠦᠷᠲᠡᠭᠡᠬᠦ ᠲᠥᠷᠥᠯ ᠵᠦᠢᠯ ᠢ ᠠᠵᠢᠯ ᠡᠬᠢᠯᠡᠬᠦᠯᠬᠦ ᠪᠠᠷ ᠴᠢᠷᠮᠠᠶᠢᠵᠤ᠂ ᠦᠷᠡᠭᠳᠡᠭᠰᠡᠨ ᠪᠠᠭᠠᠲᠤᠷᠴᠤᠳ ᠤᠨ ᠣᠩᠭᠤᠨ ᠤ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠤᠨ ᠪᠠᠷᠢᠯᠭ᠎ᠠ ᠶᠢ ᠲᠠᠭᠤᠰᠬᠠᠵᠤ | ᠠᠰᠢᠭᠯᠠᠯᠲᠠ ᠳᠤ ᠣᠷᠣᠭᠤᠯᠤᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠣᠷᠣᠰᠢᠭᠤᠯᠭ᠎ᠠ ᠶᠢᠨ ᠤᠷᠳᠤᠨ ᠢ ᠥᠭᠡᠷᠡᠴᠢᠯᠡᠵᠦ ᠥᠷᠭᠡᠳᠬᠡᠨ᠂ | ᠨᠡᠶᠢᠲᠡ ᠶᠢᠨ ᠤᠡᠭᠭᠤᠨ ᠤ ᠭᠠᠵᠠᠷ ᠢ ᠠᠰᠢᠭᠯᠠᠯᠲᠠ ᠳᠤ ᠤᠷᠤᠭᠤᠯᠤᠨ᠎ᠠ᠃ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ | ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠳᠠᠢ ᠪᠡᠶᠡᠯᠡᠬᠦᠯᠦᠨ᠎ᠡ᠃ ᠤᠯᠠᠭᠠᠨ ᠵᠠᠭᠠᠯᠮᠠᠶᠢᠳᠠᠨ᠂ | ᠨᠢᠭᠦᠯᠡᠰᠦᠩᠭᠦᠢ ᠶᠢᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠨᠠᠰᠤᠲᠠᠶᠢᠴᠤᠳ᠂ ᠡᠮᠡᠭᠲᠡᠶᠢᠴᠦᠳ᠂ ᠬᠡᠦᠬᠡᠳ | ᠪᠠ ᠵᠡᠮᠳᠡᠭᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠱᠠᠰᠢᠨ ᠰᠤᠷᠲᠠᠬᠤᠨ᠂ ᠬᠠᠮ | ᠵᠠᠭᠤᠴᠢᠯᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ᠂ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠨ᠎ᠡ ᠃ |