2023 ᠣᠨ ᠤ ᠭᠤᠤᠯᠳᠠᠯᠭ᠎ᠠ ᠲᠠᠢ ᠠᠵᠢᠯ ᠡᠬᠦᠷᠭᠡ 6
ᠨᠡᠶᠢᠲᠡᠯᠡᠭᠰᠡᠨ ᠴᠠᠭ᠄
2023/1/30
︵ᠵᠢᠷᠭᠤᠭ᠎ᠠ︶ ᠣᠯᠠᠨ ᠨᠡᠶᠢᠲᠡ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠨ᠎ᠠ᠃  ᠠᠶᠤᠯᠭᠦᠢ ᠦᠢᠯᠡᠳᠪᠦᠷᠢᠯᠡᠯ ᠤᠨ ᠬᠢᠨᠠᠯᠲᠠ  ᠬᠠᠮᠢᠶᠠᠷᠤᠯᠳᠠ ᠶᠢ ᠲᠠᠰᠤᠷᠠᠯᠲᠠ ᠦᠭᠡᠢ ᠴᠢᠩᠭᠠᠳᠬᠠᠬᠤ ᠭᠡᠷᠡᠭᠳᠡᠢ  ᠃ ︽ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠠᠶᠤᠯᠬᠦᠢ ᠶᠢᠨ ᠬᠠᠮᠢᠶᠠᠷᠤᠯᠲᠠ ᠶᠢᠨ ᠠᠵᠢᠯᠲᠠᠨ ᠢ ︽ᠭᠤᠷᠪᠠᠨ ᠲᠡᠰ ᠨᠢᠭᠡ ᠹᠷᠣᠨᠲ︾ ᠤᠨ ᠬᠢᠨᠠᠨ ᠬᠠᠮᠢᠶᠠᠷᠬᠤ ᠡᠩᠨᠡᠭᠡ ᠳᠤ ᠣᠷᠣᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠥᠬᠦ ᠶᠠᠪᠤᠴᠠ   ᠶᠢ ᠪᠠᠶᠢᠩᠭᠤ  ᠶᠢᠨ ᠴᠢᠨᠠᠷᠳᠠᠢ ᠬᠢᠨᠠᠨ ᠰᠢᠯᠭᠠᠵᠤ  ᠂ ᠭᠤᠣᠯ ᠴᠣᠭᠴᠠ ᠶᠢᠨ ᠬᠠᠷᠢᠭᠤᠴᠠᠯᠭ᠎ᠠ  ᠪᠠᠨ ᠨᠠᠶᠢᠳᠠᠪᠤᠷᠢᠵᠢᠭᠤᠯᠤᠭᠰᠠᠨ ᠦᠬᠡᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠬᠦᠨᠳᠦ ᠶᠡᠭᠡ ᠤᠰᠤᠯ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠨ ᠠᠶᠤᠯ ᠠᠴᠠ ᠵᠠᠶᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠨᠡᠶᠢᠭᠡᠮ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠬᠢᠷᠢ ᠴᠢᠳᠠᠪᠤᠷᠢ ᠶᠢ ᠶᠡᠷᠦᠩᠬᠡᠢ ᠳᠤᠨᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠭᠡᠷᠡᠭᠳᠡᠢ᠃  ᠬᠠᠮᠳᠤᠷᠠᠭᠰᠠᠨ ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢ ᠪᠠᠶᠢᠭᠤᠯᠵᠤ᠂  ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ  ᠦᠢᠯᠡᠳᠦᠯ ᠴᠢᠳᠠᠮᠵᠢ ᠶᠢ ᠪᠦᠲᠦᠮᠵᠢᠲᠡᠶ ᠲᠡᠭᠡᠭᠰᠢᠯᠡᠬᠦᠯᠦᠨ᠂ ᠢᠳᠡᠭᠡᠨ ᠤᠮᠳᠠᠭᠠᠨ ᠤ ᠦᠢᠯᠡᠰ ᠤᠨ ︽ᠢᠯᠡ ᠬᠠᠷᠠᠭᠤᠯᠬᠤ︾ ᠠᠷᠭ᠎ᠠ ᠪᠠ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠨᠡᠶᠢᠳᠡᠮ ᠪᠦᠷᠬᠦᠬᠦ ᠶᠢ ᠲᠦᠷᠭᠡᠳᠬᠡᠵᠦ᠂ ᠢᠳᠡᠭᠡᠨ ᠤᠮᠳᠠᠭᠠᠨ ᠡᠮ ᠤᠨ ᠵᠦᠢᠯ ᠤᠨ ᠬᠠᠮᠢᠶᠠᠳᠠᠢ ᠬᠠᠤᠯᠢ  ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃ ︽ᠠᠮᠤᠷ ᠠᠮᠤᠭᠤᠯᠠᠩ ᠲᠠᠶᠢᠹᠤᠰᠧ ᠬᠤᠰᠢᠭᠤ︾ ︽ᠬᠠᠤᠯᠢ ᠪᠠᠷ ᠵᠠᠰᠠᠭᠰᠠᠨ ᠲᠠᠶᠢᠹᠤᠰᠧ ᠬᠤᠰᠢᠭᠤ︾ ᠶᠢᠨ ᠪᠠᠶᠢᠭᠤᠯᠤᠯᠲᠠ ᠶᠢ ᠬᠦᠨᠵᠡᠬᠡᠶᠢᠷᠡᠬᠦᠯᠵᠦ᠂  ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠦᠷᠨᠢᠬᠦᠯᠦᠨ᠂ ᠬᠠᠷ᠎ᠠ  ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠦᠷᠨᠢᠬᠦᠯᠵᠦ  ᠂ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠶᠢᠨ ᠬᠠᠮᠳᠤ᠂  ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠬᠤ ᠠᠵᠢᠯ ᠢ ᠬᠥᠳᠡᠯᠦᠩᠭᠦᠢ ᠪᠠᠷ ᠥᠷᠨᠢᠭᠦᠯᠵᠦ᠂ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠦᠭᠬᠦ ᠭᠡᠷᠡᠭᠳᠡᠢ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号