2023 ᠣᠨ ᠤ ᠭᠤᠤᠯᠳᠠᠯᠭ᠎ᠠ ᠲᠠᠢ ᠠᠵᠢᠯ ᠡᠬᠦᠷᠭᠡ 7
ᠨᠡᠶᠢᠲᠡᠯᠡᠭᠰᠡᠨ ᠴᠠᠭ᠄
2023/1/30
 ︵ᠲᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠵᠠᠰᠠᠭ ᠪᠠᠷᠢᠬᠤ ᠬᠢᠷᠢ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠵᠣᠭᠰᠣᠯᠲᠠ ᠪᠠᠨ ᠡᠷᠡᠰ  ᠪᠠᠳᠤᠳᠬᠠᠬᠤ ᠭᠡᠷᠡᠭᠳᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠦᠷᠪᠡᠨ ᠤᠬᠠᠮᠰᠠᠷ ︾  ᠢ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠠᠰᠠᠭ ᠤᠨ ᠣᠷᠳᠣᠨ ᠤ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠦᠨᠡᠨ ᠬᠦ ᠲᠤᠤᠱᠯᠠᠭᠤᠯᠤᠨ᠎ᠠ᠃ ᠬᠠᠤᠯᠢ ᠶᠣᠰᠣᠭᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃  ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ  ᠶᠢ ᠯᠠᠪᠳᠠᠭᠤᠨ ᠪᠠᠲᠤᠲᠠᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠪᠠ ᠬᠠᠤᠯᠢ ᠴᠠᠭᠠᠵᠠ ᠶᠢᠨ ᠵᠦᠪᠯᠡᠯᠭᠡ ᠦᠭᠬᠦ ᠠᠵᠢᠯᠯᠠᠭᠠᠨ ᠤ ᠲᠣᠭᠲᠠᠴᠠ  ᠶᠢ ᠤᠯᠠᠮ ᠲᠡᠬᠦᠯᠳᠡᠷᠵᠢᠬᠦᠯᠵᠦ᠂  ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ  ᠠᠯᠬᠤᠮ  ᠶᠠᠪᠤᠴᠠ ᠶᠢ ᠴᠢᠩᠭ᠎ᠠ ᠭᠡᠷᠡᠭᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ   ᠪᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ  ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠬᠦᠢᠴᠡᠳᠭᠡᠨ᠂ ᠵᠠᠰᠠᠭ ᠤᠨ ᠣᠷᠳᠣᠨ ᠤ ᠠᠵᠢᠯ ᠤᠨ ᠥᠨᠳᠥᠷ ᠪᠦᠲᠦᠮᠵᠢᠲᠡᠶ᠂ ᠢᠯᠡ ᠲᠣᠳᠣ ᠶᠠᠪᠤᠭᠳᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠡᠷᠡᠰ ᠪᠡᠶᠡᠯᠡᠬᠦᠯᠬᠦ ᠭᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ︽ᠬᠤᠶᠠᠷ ᠬᠠᠷᠢᠭᠤᠴᠠᠯᠭ᠎ᠠ︾ ᠶᠢ ᠡᠷᠡᠰ ᠬᠦᠢᠴᠡᠳᠭᠡᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ᠂ ︽ᠭᠤᠷᠪᠠᠨ ᠠᠯᠪᠠᠨ ᠵᠠᠷᠤᠳᠠᠯ︾ ᠢ  ᠤᠯᠠᠮ ᠪᠠᠭᠠᠰᠬᠠᠵᠤ᠂ ︽ᠠᠷᠪᠢᠯᠠᠨ ᠭᠠᠮᠨᠠᠬᠤ︾ ᠶᠢ ᠵᠠᠰᠠᠭ ᠤᠨ ᠣᠷᠳᠣᠨ ᠤ ᠠᠵᠢᠯ ᠤᠨ ᠬᠡᠪ ᠤᠨ ᠪᠠᠶᠢᠳᠠᠯ ᠪᠤᠯᠭᠠᠨ᠂ ᠬᠡᠮᠵᠢᠶ᠎ᠡ ᠬᠢᠵᠠᠭᠠᠷ ᠲᠠᠢ ᠡᠳ᠋ ᠤᠨ ᠬᠦᠴᠦᠨ ᠢᠶᠠᠨ ᠬᠥᠭᠵᠢᠯᠲᠡ ᠳᠤ ᠬᠠᠮᠤᠭ ᠤᠨ ᠬᠡᠷᠡᠭᠴᠡᠭᠡ ᠲᠠᠢ᠂ ᠤᠯᠠᠨ ᠲᠦᠮᠡᠨ ᠳᠤ ᠬᠠᠮᠤᠭ ᠤᠨ ᠠᠰᠢᠭ ᠲᠠᠢ ᠭᠠᠵᠠᠷ ᠲᠤ ᠨᠡᠩ ᠢᠯᠡᠭᠦᠦ ᠬᠡᠷᠡᠭᠯᠡᠨ᠎ᠡ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠢᠨᠠᠨ ᠪᠤᠳᠤᠬᠤ ᠪᠦᠷᠬᠦᠴᠡ ᠶᠢ ᠶᠡᠭᠡᠰᠬᠡᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠰᠠᠬᠢᠯᠭ᠎ᠠ ᠪᠠᠲᠤ ᠬᠠᠤᠯᠢ ᠲᠦᠷᠢᠮ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ᠂ ᠦᠨᠡᠨ ᠪᠣᠳᠠᠲᠠᠢ ᠠᠵᠢᠯᠯᠠᠵᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ ᠢᠷᠭᠡᠳ ᠤᠨ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠴᠠᠭ ᠲᠤᠬᠠᠢ  ᠳᠤᠨᠢ ᠬᠠᠷᠢᠭᠤᠯᠳᠠ ᠦᠭᠴᠦ᠂ ︽12345︾  ᠲᠠᠪᠴᠠᠩ ᠢ ᠪᠦᠳᠦᠮᠵᠢᠳᠡᠢ ᠠᠰᠢᠭᠯᠠᠨ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠳᠤ ᠰᠡᠳᠬᠢᠯ ᠲᠠᠯᠪᠢᠵᠤ ᠬᠦᠴᠦ ᠤᠷᠤᠭᠤᠯᠤᠨ᠂ ᠭᠡᠷ ᠪᠠᠶᠢᠰᠢᠩ ᠭᠠᠵᠠᠷ ᠰᠢᠷᠤᠢ ᠶᠢᠨ ᠬᠠᠮᠢᠶᠠᠳᠠᠢ ᠲᠡᠦᠬᠡᠨ ᠠᠴᠠ ᠦᠯᠡᠳᠡᠭᠳᠡᠵᠦ ᠢᠷᠡᠭᠰᠡᠨ ᠬᠦᠴᠢᠷᠲᠡᠢ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠠᠷ ᠴᠢᠷᠮᠠᠶᠢᠨ᠎ᠠ ᠃  ᠪᠤᠳᠠᠳᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂  ᠭᠡᠯᠡᠭᠰᠡᠨ ᠪᠤᠯ ᠪᠡᠶᠡᠯᠡᠬᠦᠯᠦᠨ᠂  ᠲᠤᠭᠳᠠᠭᠰᠠᠨ ᠪᠤᠯ ᠬᠦᠢᠴᠡᠳᠭᠡᠵᠦ᠂  ᠢᠯᠡᠬᠦᠦ ᠬᠦᠶᠦᠵᠦ ᠲᠤᠳᠠᠭᠤ ᠮᠡᠷᠭᠡᠯᠡᠨ᠂ ᠲᠦᠷᠦᠯ ᠵᠦᠢᠯ ᠢ ᠠᠩᠬᠠᠷᠴᠤ᠂  ᠠᠵᠢᠯ ᠤᠨ ᠠᠬᠢᠴᠠ  ᠶᠢ ᠠᠳᠬᠤᠨ᠂ ᠦᠨᠡᠨ ᠪᠣᠳᠠᠲᠠᠢ ᠦᠷ᠎ᠡ ᠠᠮᠵᠢᠯᠳᠠ ᠪᠠᠷ ᠢᠶᠠᠨ ᠠᠷᠠᠳ ᠲᠦᠮᠡᠨ ᠤ ᠢᠲᠡᠭᠡᠯ ᠢ ᠣᠯᠬᠤ ᠬᠡᠷᠡᠭᠲᠡᠢ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号