1 ᠰᠠᠷ᠎ᠠ ᠶᠢᠨ 3 ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠢ 52 ᠳ᠋ᠤᠭᠠᠷ ᠤᠳᠠᠭᠠᠨ ᠤ | ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2022 ᠣᠨ ᠤ ᠪᠥᠬᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ | ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ | ᠫᠧᠩ ᠬᠤᠷᠠᠯ ᠡᠷᠭᠢᠯᠡᠵᠦ ᠶᠠᠷᠢᠶ᠎ᠠ ᠲᠠᠯᠪᠢᠭᠰᠠᠨ ᠪᠦᠭᠡᠳ ᠡᠯ᠎ᠡ ᠨᠠᠮ ᠤᠨ ᠬᠤᠷᠢᠶᠠᠨ ᠤ ᠱᠦᠵᠢ ᠶᠢᠨ ᠠᠵᠢᠯ ᠤᠨ | ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠵᠦ᠂ ᠠᠮᠵᠢᠯᠲᠠ ᠶᠢ ᠨᠤᠲᠠᠯᠠᠬᠤ ᠶᠢᠨ ᠬᠠᠮᠳᠤ ᠪᠠᠰᠠ ᠠᠰᠠᠭᠤᠳᠠᠯ ᠢ | ᠵᠢᠭᠠᠨ ᠭᠠᠷᠭᠠᠵᠤ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠰᠢᠶᠧ ᠶᠢᠨ ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠯᠢ ᠴᠦᠨ ᠭᠤᠸᠠᠩ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠵᠤ | ᠶᠡᠷᠦᠩᠬᠡᠶᠢᠯᠡᠭᠰᠡᠨ ᠦᠨᠡᠯᠡᠯᠲᠡ ᠬᠢᠪᠡ᠃ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠭᠡᠷᠡᠭᠵᠢᠬᠦᠯᠵᠦ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠣᠨ᠎ᠠ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠨᠢ ᠡᠷᠭᠡᠪᠰᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ | ᠭᠠᠷᠳᠠᠬᠤ ᠴᠡᠭ ᠪᠣᠯᠣᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠲᠦᠷᠤᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠨ᠂ ᠭᠤᠣᠯ ᠠᠵᠢᠯ ᠢᠶᠠᠨ ᠲᠤᠪᠤᠶᠢᠯᠭᠠᠵᠤ᠂ ᠭᠤᠣᠯ ᠬᠠᠷᠢᠭᠤᠴᠠᠯᠭ᠎ᠠ | ᠶᠢ ᠴᠢᠩᠭᠠᠳᠬᠠᠨ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠬᠠᠮᠲᠤ ᠳᠤᠨᠢ ᠲᠣᠭᠲᠠᠭᠠᠬᠤ᠂ ᠡᠭᠦᠷᠭᠡ ᠶᠢ ᠬᠠᠮᠲᠤ ᠳᠤᠨᠢ ᠪᠡᠶᠡᠯᠡᠬᠦᠯᠬᠦ᠂ ᠬᠠᠷᠢᠭᠤᠴᠠᠯᠭ᠎ᠠ ᠶᠢ ᠬᠠᠮᠲᠤ | ᠳᠤᠨᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠭᠯᠡᠯ ᠢ ᠰᠠᠶᠢᠲᠤᠷ ᠡᠵᠡᠮᠳᠡᠨ᠂ ᠬᠤᠶᠠᠷ ᠢ | ᠠᠳᠬᠤᠵᠤ ᠬᠤᠶᠠᠷ ᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠴᠢᠳᠠᠮᠵᠢ ᠶᠢ | ᠴᠢᠩᠭᠠᠳᠬᠠᠬᠤ᠂ ᠵᠣᠬᠢᠶᠠᠨ ᠪᠠᠶᠢᠭᠤᠯᠤᠯᠳᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠶᠡᠭᠡ ᠲᠠᠯ᠎ᠠ ᠳᠤ ᠦᠢᠯᠡᠴᠢᠯᠡᠬᠦ᠂ | ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ᠂ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠡᠭᠡᠷ᠎ᠡ | ᠬᠦᠴᠦ ᠲᠠᠯᠪᠢᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠪᠦᠬᠦᠯᠢ | ᠴᠣᠭᠴᠠ ᠪᠠᠷ ᠳᠡᠭᠡᠭᠰᠢᠯᠡᠭᠦᠯᠬᠦ᠂ ᠪᠥᠬᠦ ᠲᠠᠯ᠎ᠠ ᠪᠠᠷ ᠴᠢᠩᠭᠠᠷᠠᠭᠤᠯᠬᠤ ᠶᠢ ᠠᠬᠢᠭᠤᠯᠤᠨ ᠂ ᠪᠥᠬᠦ ᠬᠤᠰᠢᠭᠤᠨ ᠤ | ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠡᠷᠡᠰ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |