ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠭᠡᠰᠢᠭᠦᠳ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/1/6
 1 ᠰᠠᠷ᠎ᠠ ᠶᠢᠨ 5 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠨᠢ ᠭᠡᠰᠢᠭᠦᠳ ᠤᠨ ᠪᠣᠯᠪᠠᠰᠤᠷᠠᠯ ᠤᠨ ᠬᠤᠷᠠᠯ ᠡᠷᠭᠢᠯᠡᠪᠡ᠃  ᠬᠤᠷᠠᠯ ᠠᠴᠠ ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠳᠤ  ᠤᠷᠤᠯᠴᠠᠬᠤ ᠪᠦᠭᠦ ᠭᠡᠰᠢᠭᠦᠳ ᠤᠨ ᠦᠵᠡᠯ ᠰᠠᠨᠠᠭ᠎ᠠ ᠤᠯᠤᠰ ᠲᠦᠷᠦ ᠶᠢᠨ ᠲᠠᠨᠢᠯᠲᠠ ᠪᠠ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠰᠢᠭᠦᠳ ᠤᠨ ᠬᠤᠶᠢᠰᠢᠳᠠ ᠶᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠰᠠᠭᠤᠷᠢ ᠲᠠᠯᠪᠢᠵᠤ ᠥᠭᠴᠡᠢ᠃  ᠡᠨᠡ ᠤᠳᠠᠭᠠᠨ ᠤ ᠪᠣᠯᠪᠠᠰᠤᠷᠠᠯ ᠳᠤ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠢ ᠣᠨᠴᠠ ᠤᠷᠢᠵᠤ ᠬᠢᠴᠢᠶᠡᠯ ᠤᠷᠤᠭᠤᠯᠤᠭᠰᠠᠨ ᠪᠠᠶᠢᠨ᠎ᠠ᠃ ᠪᠣᠯᠪᠠᠰᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠮᠢᠶ᠎ᠠ ᠪᠦᠬᠦᠢ ᠤᠨᠤᠯ ᠤᠨ ᠮᠡᠳᠡᠯᠭᠡ ᠶᠢᠨ ᠲᠣᠭᠤᠷᠢᠨ ᠳᠤ ᠲᠠᠶᠢᠯᠤᠮᠵᠢ ᠬᠢᠵᠡᠢ᠃ ᠬᠤᠷᠠᠯ ᠠᠴᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠡᠷᠭᠡᠪᠰᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠤᠨ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶ᠋᠊ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ  ᠡᠷᠭᠡᠪᠰᠢ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠤᠨᠤᠯ ᠤᠨ ᠪᠣᠯᠪᠠᠰᠤᠷᠠᠯ ᠢᠶᠠᠨ ᠲᠡᠭᠡᠭᠰᠢᠯᠡᠬᠦᠯᠦᠨ᠂ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠬᠦᠯᠵᠦ᠂ ᠢᠳᠡᠪᠬᠢᠲᠡᠢ ᠪᠠᠷ ᠰᠠᠨᠠᠯ ᠲᠤᠷᠠᠳᠤᠯᠭ᠎ᠠ ᠲᠡᠪᠰᠢᠬᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠳᠡᠢ ᠲᠤᠰᠬᠠᠵᠤ᠂ ᠰᠤᠷᠴᠤ ᠡᠵᠡᠮᠰᠢᠭᠰᠡᠨ ᠢᠶᠠᠨ ᠦᠢᠯᠡᠳᠦᠯᠭᠡ ᠲᠡᠭᠡᠷ᠎ᠡ ᠭᠡᠷᠡᠭᠯᠡᠨ᠂ ᠡᠬᠦᠷᠭᠡ ᠬᠠᠷᠢᠭᠤᠴᠠᠯᠭ᠎ᠠ ᠭᠦᠢᠴᠡᠳᠬᠡᠬᠦ ᠬᠢᠷᠢ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ ᠤᠨ ᠠᠵᠢᠯᠯᠠᠭᠠᠨ ᠤ ᠲᠠᠪᠴᠠᠩ ᠢᠶᠠᠷ ᠳᠠᠮᠵᠢᠨ ᠤᠯᠤᠰ ᠲᠦᠷᠦ ᠶᠢᠨ ᠵᠥᠪᠯᠡᠯᠭᠡᠨ ᠤ ᠭᠡᠰᠢᠬᠦᠨ ᠤ ᠬᠠᠷᠢᠭᠤᠴᠠᠯᠭ᠎ᠠ ᠪᠠᠨ ᠨᠠᠩ ᠰᠠᠶᠢᠨ ᠭᠦᠢᠴᠡᠳᠬᠡᠵᠦ᠂ ᠭᠡᠰᠢᠭᠦᠳ ᠤᠨ ᠦᠨ᠎ᠡ ᠥᠷᠲᠡᠭ ᠢ ᠢᠯᠡᠷᠡᠬᠦᠯᠦᠨ᠂ ᠲᠠᠶᠢᠹᠤᠰᠧ ᠬᠤᠰᠢᠭᠤᠨ ᠤ ᠬᠥᠭᠵᠢᠯᠲᠡ ᠴᠤᠭᠴᠠᠯᠠᠯᠳᠠ ᠳᠤ  ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠨ ᠭᠡᠰᠢᠭᠦᠳ ᠪᠦᠷ ︽ᠡᠨᠡ ᠤᠳᠠᠭᠠᠨ ᠤ ᠪᠣᠯᠪᠠᠰᠤᠷᠠᠯ ᠨᠢ ᠠᠭᠤᠯᠭ᠎ᠠ ᠪᠠᠷ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠯᠪᠠᠰᠤᠷᠠᠯ ᠤᠨ ᠠᠭᠤᠯᠭ᠎ᠠ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠵᠤ᠂ᠰᠢᠨ᠎ᠡ ᠴᠠᠭ ᠦᠶ᠎ᠡ ᠶᠢᠨ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠳᠠᠰᠬᠠᠯ︾ ᠢ ᠪᠦᠬᠦ ᠰᠡᠳᠬᠢᠯ ᠢᠶᠠᠷ ᠰᠠᠶᠢᠨ ᠪᠡᠶᠡᠯᠡᠬᠦᠯᠦᠨ᠎ᠡ︾ ᠬᠡᠵᠦ ᠰᠠᠨᠠᠯ ᠨᠢᠭᠡᠲᠡᠢ ᠢᠯᠡᠷᠭᠡᠶᠢᠯᠡᠵᠡᠭᠡᠪᠡ᠃ ᠬᠤᠷᠠᠯ ᠳᠡᠭᠡᠷ᠎ᠡ᠂ ᠭᠡᠰᠢᠭᠦᠳ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号