ᠴᠡᠷᠢᠭ ᠡᠯᠰᠡᠬᠦ ᠤᠬᠠᠭᠤᠯᠭ᠎ᠠ ᠶᠢ ᠦᠷᠨᠢᠬᠦᠯᠵᠦ  ᠴᠡᠷᠢᠭ ᠲᠤ ᠣᠷᠣᠬᠤ ᠢᠳᠡᠪᠬᠢᠵᠢᠯ ᠢ ᠲᠠᠶᠢᠴᠢᠯᠠᠪᠠ
ᠨᠡᠶᠢᠲᠡᠯᠡᠭᠰᠡᠨ ᠴᠠᠭ᠄
2023/1/6
  1 ᠰᠠᠷ᠎ᠠ ᠶᠢᠨ 3 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠲᠤ 2023 ᠣᠨ ᠤ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ  ᠤᠬᠠᠭᠤᠯᠤᠨ᠂   ᠵᠠᠯᠠᠭᠤᠴᠤᠳ ᠤᠨ ᠢᠳᠡᠪᠬᠢᠲᠡᠢ ᠪᠠᠷ ᠴᠡᠷᠢᠭ ᠲᠤ ᠨᠡᠷ᠎ᠡ ᠮᠡᠳᠡᠭᠦᠯᠬᠦ ᠶᠢ  ᠵᠤᠷᠢᠬᠵᠢᠭᠤᠯᠤᠭᠰᠠᠨ ᠪᠠᠶᠢᠨ᠎ᠠ᠃  ᠠᠵᠢᠯᠲᠠᠳ  ᠪᠢᠴᠢᠭᠡᠰᠦ ᠡᠯᠭᠦᠬᠦ᠂  ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠥᠷᠭᠡᠨ ᠣᠯᠠᠨ ᠵᠠᠯᠠᠭᠤᠴᠤᠳ ᠲᠤ 2023 ᠣᠨ ᠤ ᠴᠡᠷᠢᠭ ᠲᠤ ᠡᠯᠰᠡᠬᠦ ᠶᠠᠪᠤᠴᠠ᠂   ᠴᠡᠷᠢᠭ ᠲᠤ ᠡᠯᠰᠡᠬᠦ ᠨᠥᠬᠦᠴᠡᠯ᠂  ᠠᠵᠢᠯ ᠣᠯᠭᠤᠬᠤ ᠦᠢᠯᠡᠴᠢᠯᠡᠭᠡ  ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ   ᠶᠢ ᠲᠠᠨᠢᠯᠴᠠᠭᠤᠯᠬᠤ ᠶᠢᠨ ᠬᠠᠮᠲᠤ ᠨᠡᠷ᠎ᠡ ᠮᠡᠳᠡᠭᠦᠯᠬᠦ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠰᠢᠯᠭᠠᠯᠲᠠ ᠵᠡᠷᠭᠡ ᠠᠰᠠᠭᠤᠳᠠᠯ ᠳᠤ ᠬᠠᠷᠢᠭᠤᠯᠲᠠ ᠥᠭᠴᠦ᠂  ᠵᠠᠯᠠᠭᠤᠴᠤᠳ  ᠤᠨ ᠡᠬᠡ ᠤᠯᠤᠰ ᠤᠨ ᠢᠶᠠᠨ ᠤᠷᠢᠶᠠᠯᠠᠭ᠎ᠠ ᠶᠢ  ᠴᠤᠤᠷᠢᠶᠠᠳᠤᠨ ᠳᠠᠭᠠᠵᠤ᠂ ᠴᠡᠷᠢᠭ ᠲᠤ ᠣᠷᠣᠬᠤ ᠪᠠᠷ ᠢᠳᠡᠪᠬᠢᠲᠡᠢ ᠨᠡᠷ᠎ᠡ ᠮᠡᠳᠡᠭᠦᠯᠬᠦ ᠶᠢ ᠵᠣᠷᠢᠭᠵᠢᠭᠤᠯᠪᠠ᠃ ᠣᠶᠢᠯᠠᠭᠠᠭᠰᠠᠨ ᠢᠶᠠᠷ᠂  ᠡᠨᠡ ᠤᠳᠠᠭ᠎ᠠ ᠨᠡᠶᠢᠲᠡ 100 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ  ᠲᠠᠷᠬᠠᠭᠠᠨ᠂ 50 ᠭᠠᠷᠤᠢ ᠬᠤᠪᠢ ᠤᠬᠠᠭᠤᠯᠭ᠎ᠠ ᠶᠢᠨ ᠵᠠᠷ ᠨᠠᠭᠠᠵᠤ  ᠂ 20 ᠭᠠᠷᠤᠢ ᠵᠤᠷᠪᠤᠰ ᠬᠥᠨᠳᠡᠯᠡᠨ ᠪᠢᠴᠢᠭᠡᠰᠦ ᠡᠯᠭᠦᠭᠰᠡᠨ ᠪᠦᠭᠡᠳ ᠸᠢᠴᠠᠲ  ᠲᠠᠪᠴᠠᠩ ᠵᠡᠷᠭᠡ ᠶᠢ ᠢᠳᠡᠪᠬᠢᠲᠡᠢ ᠠᠰᠢᠭᠯᠠᠨ ᠴᠡᠷᠢᠭ ᠡᠯᠰᠡᠬᠦ ᠤᠬᠠᠭᠤᠯᠭ᠎ᠠ  ᠶᠢ ᠬᠢᠵᠦ᠂ ︽ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠨᠢ ᠶᠠᠭᠤᠨ ᠠᠴᠠ ᠢᠯᠡᠬᠦᠦ ᠢᠷᠠᠭᠤ ᠠᠯᠳᠠᠷ ᠲᠠᠢ︾  ᠬᠡᠮᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠦᠨᠡᠨᠬᠦ ᠪᠣᠶ ᠪᠤᠯᠭᠠᠵᠠᠢ᠃  ᠪᠤᠤᠴᠠᠩ ᠪᠠᠯᠭᠠᠰᠤᠨ ᠤ ᠤᠶᠤᠳᠠᠨ ᠵᠠᠯᠠᠭᠤ ᠮᠧᠨ ᠱᠤᠤ ᠪᠥᠸᠧ᠄ ︽ᠪᠢ ᠡᠨᠡ ᠵᠢᠯ ᠶᠡᠭᠡ ᠰᠤᠷᠭᠠᠭᠤᠯᠢ ᠪᠠᠨ ᠲᠡᠬᠦᠰᠦᠨ᠎ᠡ᠂  ᠳᠤᠮᠳᠠᠳᠤ ᠰᠤᠷᠭᠠᠭᠤᠯᠢ ᠳᠤ ᠪᠠᠶᠢᠬᠤ ᠳᠠᠭᠠᠨ ᠪᠢ ᠴᠡᠷᠢᠭ ᠲᠤ ᠣᠷᠣᠵᠤ ᠤᠯᠤᠰ ᠤᠷᠤᠨ ᠳᠠᠭᠠᠨ ᠬᠦᠴᠦ ᠪᠠᠨ ᠡᠷᠭᠦᠬᠦ ᠬᠦᠰᠡᠯᠡᠩ ᠲᠠᠢ ᠪᠠᠶᠢᠭᠰᠠᠨ᠂ ᠥᠨᠥᠳᠥᠷ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ  ᠠᠴᠠ ᠬᠤᠯᠪᠣᠭᠳᠠᠯ ᠪᠦᠬᠦᠢ ᠲᠥᠷᠥ   ᠶᠢᠨ ᠪᠣᠳᠣᠯᠭ᠎ᠠ   ᠶᠢ ᠯᠠᠪᠯᠠᠨ ᠠᠰᠠᠭᠤᠭᠰᠠᠨ ᠤ ᠳᠠᠷᠠᠭ᠎ᠠ ᠪᠢ ᠡᠨᠡᠬᠦ ᠪᠣᠳᠣᠯ ᠢᠶᠠᠨ ᠤᠯᠠᠮ ᠪᠠᠲᠤᠳᠬᠠᠵᠤ᠂ ᠡᠨᠡ ᠵᠢᠯ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠪᠠᠷ  ᠰᠢᠢᠳᠦᠯ᠎ᠡ︾  ᠃    ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠤᠬᠠᠭᠤᠯᠬᠤ ᠠᠭᠤᠯᠭ᠎ᠠ ᠬᠢᠭᠡᠳ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠤᠨ ᠬᠠᠮᠤᠷᠬᠤ ᠬᠡᠪᠴᠢᠶ᠎ᠡ ᠶᠢ ᠦᠷᠭᠡᠳᠭᠡᠨ᠂ ᠰᠦᠯᠵᠢᠶᠡᠨ ᠭᠠᠳᠠᠨ᠎ᠠ ᠪᠠ ᠰᠦᠯᠵᠢᠶᠡᠨ ᠲᠡᠭᠡᠷᠡᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠪᠠᠷ ᠴᠡᠷᠢᠭ ᠡᠯᠰᠡᠬᠦ ᠤᠬᠠᠭᠤᠯᠭ᠎ᠠ ᠶᠢᠨ ᠠᠵᠢᠯ  ᠢᠶᠠᠨ ᠦᠷᠭᠦᠯᠵᠢᠯᠡᠨ ᠴᠢᠩᠭᠠᠳᠬᠠᠵᠤ᠂ ᠴᠡᠷᠢᠭ ᠡᠯᠰᠡᠬᠦ ᠠᠵᠢᠯ ᠢ ᠭᠦᠨᠵᠡᠭᠡᠢ᠂ ᠨᠠᠷᠢᠯᠢᠭ᠂ ᠪᠣᠳᠠᠲᠠᠢ ᠬᠢᠵᠦ᠂ 2023 ᠣᠨ ᠤ ᠴᠡᠷᠢᠭ ᠡᠯᠰᠡᠬᠦ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号