ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠭᠰᠡᠨ
ᠨᠡᠶᠢᠲᠡᠯᠡᠭᠰᠡᠨ ᠴᠠᠭ᠄
2023/1/7
  ᠰᠢᠨ᠎ᠡ ᠡᠭᠦᠷᠭᠡ ᠶᠢ ᠬᠠᠮᠲᠤᠪᠠᠷ ᠡᠭᠦᠷᠭᠡᠯᠡᠵᠦ᠂ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨᠡᠮ᠃ 1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠬᠦᠷᠭᠡᠯᠡᠨ᠂ ᠨᠢᠭᠡ ᠲᠠᠩᠬᠢᠮ ᠳᠤ ᠴᠤᠭᠯᠠᠷᠠᠵᠤ᠂ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠰᠡᠳᠬᠢᠯᠭᠡ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠠᠶᠢᠹᠤᠰᠧ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃      ᠡᠨᠡ ᠤᠳᠠᠭᠠᠨ ᠤ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠪᠣᠯ᠄ ᠶᠠᠩ ᠶᠢᠨ ᠮᠢᠩ᠂  ᠰᠡᠴᠡᠨᠴᠤᠭᠳᠤ ᠂  ᠴᠢ ᠵᠢᠦ ᠴᠧᠩ᠂ ᠢᠦᠢ ᠴᠧᠩ ᠬᠦᠸᠧ᠂ ᠳ᠋ᠦᠩ ᠰᠢᠦᠢ ᠳ᠋ᠦᠩ᠂ ᠳ᠋ᠤᠸᠠᠨ ᠯᠢ ᠨᠠ᠂ ᠶᠠᠩ ᠱᠧᠦ ᠸᠧᠨ᠂ ᠯᠢ ᠶᠠ ᠯᠢ᠂ ᠲᠤᠩᠭᠠᠯᠠᠭ᠂ ᠰᠦᠨ ᠨᠢᠶᠧ ᠭᠧ᠂ ᠹᠠᠨ ᠳ᠋ᠦᠩ ᠰᠢᠶᠠ᠂ ᠴᠢᠦᠢ ᠵᠢᠢ ᠫᠢᠩ᠂ ᠺᠤᠸᠠᠢ ᠶᠤᠸᠠᠢ  ᠃    ᠸᠠᠩ ᠸᠧᠢ ᠬᠤᠩ᠂  ᠰᠢᠶᠧ ᠶᠢᠨ ᠳ᠋ᠦᠩ᠂ ᠶᠢᠨ ᠶᠦᠩ ᠾᠧ᠂ ᠬᠡᠰᠢᠭᠲᠦ᠂ ᠯᠢ ᠴᠦᠨ ᠭᠤᠸᠠᠩ᠂ ᠸᠠᠩ ᠵᠢᠦᠢ ᠰᠢ᠂ ᠯᠢ ᠯᠢ ᠵᠢᠶᠦ᠋ᠨ᠂ ᠨᠠᠷᠠᠰᠤ᠂ ᠮᠢᠩ ᠶᠤᠸᠠᠢ ᠵᠠᠩ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃  ᠡᠨᠡ ᠤᠳᠠᠭᠠᠨ ᠤ ᠬᠤᠷᠠᠯᠳᠤᠭᠠᠨ ᠤ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ 138 ᠭᠡᠰᠢᠭᠦᠨ  ᠠᠴᠠ  96 ᠬᠥᠮᠥᠨ ᠬᠤᠷᠠᠯ ᠳᠤ ᠣᠷᠣᠯᠴᠠᠵᠤ᠂ ︽ᠤᠯᠤᠰ ᠲᠦᠷᠦ ᠶᠢᠨ ᠵᠥᠪᠯᠡᠯᠭᠡᠨ ᠤ ᠳᠦᠷᠢᠮ︾  ᠤᠨ ᠲᠣᠭᠲᠠᠭᠠᠯ ᠳᠤ ᠨᠡᠶᠢᠴᠡᠭᠰᠡᠨ ᠪᠠᠶᠢᠨ᠎ᠠ᠃    ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠲᠡᠷᠢᠬᠦᠯᠡᠭᠴᠢ ᠶᠠᠩ ᠶᠢᠨ ᠮᠢᠩ ᠤᠯᠤᠰ ᠲᠦᠷᠦ ᠶᠢᠨ ᠵᠦᠪᠯᠡᠯᠭᠡᠨ ᠤ ᠲᠠᠶᠢᠹᠤᠰᠧ ᠬᠤᠰᠢᠭᠤᠨ ᠤ ᠠᠷᠪᠠ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠬᠦᠯᠦᠯᠳᠡ ᠬᠢᠵᠡᠢ᠃ ᠶᠠᠩ  ᠶᠢᠨ ᠮᠢᠩ ᠢᠯᠡᠳᠬᠡᠯ ᠳᠡᠭᠡᠨ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠵᠢᠷᠭᠤᠭᠠᠨ ᠲᠠᠯ᠎ᠠ ᠪᠠᠷ ᠳ᠋ᠦᠩᠨᠡᠪᠡ᠃ ᠲᠤᠬᠠᠶᠢᠯᠠᠪᠠᠯ᠂ ᠨᠢᠭᠡ ᠳᠤ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢ ᠪᠠᠲᠤᠳᠬᠠᠭᠰᠠᠨ ᠰᠠᠭᠤᠷᠢᠨ ᠳᠡᠭᠡᠷ᠎ᠡ ᠰᠢᠨ᠎ᠡ ᠳᠡᠭᠡᠭᠰᠢᠯᠡᠯᠲᠡ ᠲᠠᠢ ᠪᠣᠯᠪᠠ᠃  ᠬᠤᠶᠠᠷ ᠳᠤ᠂ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠪᠡ᠃  ᠭᠤᠷᠪᠠ ᠳᠤ᠂ ᠠᠷᠠᠳ ᠤᠨ ᠲᠥᠯᠥᠭᠡ  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠤᠪᠤᠶᠢᠯᠭᠠᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃  ᠳᠥᠷᠪᠡ ᠳᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠦᠯᠬᠦᠮᠳᠡᠨ ᠨᠢᠭᠲᠠᠷᠠᠵᠤ ᠡᠷᠡᠯᠬᠡᠭᠯᠡᠨ ᠤᠷᠤᠭᠰᠢᠯᠠᠬᠤ ᠬᠠᠮᠳᠤᠷᠠᠯ ᠬᠦᠴᠦᠨ ᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ ᠲᠠᠪᠤ ᠳᠤ᠂ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠲᠦᠷᠦ ᠶᠢᠨ ᠵᠥᠪᠯᠡᠯᠭᠡᠨ ᠤ  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠲᠠᠪᠰᠢᠯᠳᠠ ᠶᠢ ᠪᠡᠶᠡᠯᠡᠭᠦᠯᠪᠡ᠃ ᠵᠢᠷᠭᠤᠭ᠎ᠠ ᠳᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠭᠤᠣᠯᠳᠠᠯᠭ᠎ᠠ ᠲᠠᠢ ᠠᠵᠢᠯ ᠡᠭᠦᠷᠭᠡ ᠶᠢ ᠪᠡᠶᠡᠯᠡᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠬᠡᠵᠦ ᠳ᠋ᠦᠩᠨᠡᠭᠰᠡᠨ ᠪᠠᠶᠢᠨ᠎ᠠ᠃  ᠶᠠᠩ ᠶᠢᠨ ᠮᠢᠩ  ᠴᠢᠬᠤᠯᠠᠴᠢᠯᠠᠬᠤ  ᠳᠠᠭᠠᠨ᠂ 2023 ᠤᠨ ᠳᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠴᠢᠭᠯᠡᠯ ᠢ ᠣᠨᠣᠪᠴᠢᠲᠠᠶ ᠡᠵᠡᠮᠰᠢᠨ᠂ ᠬᠥᠭᠵᠢᠯᠲᠡ ᠶᠢᠨ ᠶᠡᠭᠡ ᠲᠠᠯ᠎ᠠ ᠳᠤ ᠪᠥᠬᠦ ᠬᠦᠴᠦᠨ ᠢᠶᠠᠷ ᠦᠢᠯᠡᠴᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠭᠦᠢᠴᠡᠳ ᠢᠯᠡᠷᠡᠬᠦᠯᠦᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠥᠭᠵᠢᠯᠲᠡ ᠶᠢᠨ ᠬᠠᠮᠳᠤᠷᠠᠯ ᠬᠦᠴᠦᠨ ᠢ ᠨᠢᠭᠲᠠᠷᠠᠭᠤᠯᠤᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢ ᠲᠥᠷᠬᠦ ᠶᠢ ᠦᠨᠡᠨᠬᠦ ᠰᠠᠶᠢᠲᠤᠷ ᠪᠣᠶ ᠪᠤᠯᠭᠠᠨ᠂ ᠦᠷᠭᠦᠯᠵᠢᠯᠡᠨ ᠴᠢᠷᠮᠠᠶᠢᠵᠤ ᠦᠷᠭᠦᠯᠵᠢᠯᠡᠨ ᠲᠡᠮᠡᠴᠡᠬᠦ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠦᠷᠭᠡ ᠬᠠᠷᠠᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ  ᠦᠵᠡᠬᠦᠯᠬᠦ ᠭᠡᠷᠡᠭᠳᠡᠢ ᠬᠡᠵᠡᠢ᠃     ᠬᠤᠰᠢᠭᠤ ᠤᠯᠤᠰ ᠲᠦᠷᠦ ᠶᠢᠨ ᠵᠦᠪᠯᠡᠯᠭᠡᠨ ᠤ  ᠲᠡᠳ᠋ ᠲᠡᠷᠢᠬᠦᠯᠡᠭᠴᠢ ᠢᠦᠢ ᠴᠧᠩ ᠬᠦᠸᠧ ᠠᠴᠠ ᠤᠯᠤᠰ ᠲᠦᠷᠦ ᠶᠢᠨ ᠵᠦᠪᠯᠡᠯᠭᠡᠨ ᠤ ᠲᠠᠶᠢᠹᠤᠰᠧ ᠬᠤᠰᠢᠭᠤᠨ ᠤ ᠠᠷᠪᠠ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠦ ᠰᠠᠨᠠᠯ ᠲᠤᠷᠠᠳᠤᠯᠭ᠎ᠠ ᠶᠢᠨ ᠠᠵᠢᠯ ᠤᠨ ᠮᠡᠳᠡᠬᠦᠯᠦᠯᠳᠡ ᠬᠢᠪᠡ᠃  ᠮᠡᠳᠡᠭᠦᠯᠦᠯᠲᠡ ᠳᠤ᠂ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢ᠂ ᠠᠵᠤ ᠠᠬᠤᠢ ᠶᠢᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠰᠣᠶᠣᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠮᠢ ᠠᠬᠤᠢ ᠣᠷᠴᠢᠨ ᠲᠣᠭᠤᠷᠢᠨ ᠵᠡᠷᠭᠡ ᠲᠠᠯ᠎ᠠ ᠳᠤ ᠬᠤᠯᠪᠣᠭᠳᠠᠭᠰᠠᠨ 139 ᠬᠤᠪᠢ ᠰᠠᠨᠠᠯ ᠲᠤᠷᠠᠳᠤᠯᠭ᠎ᠠ ᠶᠢ ᠭᠥᠯᠢᠶᠡᠨ ᠠᠪᠴᠤ᠂ ᠬᠢᠨᠠᠨ  ᠪᠠᠶᠢᠴᠠᠭᠠᠬᠤ ᠪᠠᠷ ᠲᠠᠮᠵᠢᠭᠠᠳ 138  ᠬᠤᠪᠢ   ᠶᠢ ᠬᠡᠷᠡᠭ ᠪᠣᠯᠭᠠᠨ ᠳᠡᠩᠰᠡᠯᠡᠵᠦ᠂ 42 ᠨᠢᠭᠡᠴᠡ ᠳᠤ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠪᠥᠭᠡᠳ ᠪᠦᠬᠦᠨ ᠢ ᠪᠡᠶᠡᠯᠡᠬᠦᠯᠪᠡ ᠬᠡᠵᠦ  ᠳ᠋ᠦᠩᠨᠡᠭᠰᠡᠨ ᠪᠠᠶᠢᠨ᠎ᠠ᠃    ᠸᠠᠩ ᠸᠧᠢ ᠬᠤᠩ ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠭᠰᠠᠨ ᠳᠤ ᠪᠠᠶᠠᠷ ᠬᠦᠷᠭᠡᠬᠦ ᠶᠢᠨ ᠬᠠᠮᠲᠤ ᠶᠠᠷᠢᠶ᠎ᠠ ᠲᠠᠯᠪᠢᠵᠠᠢ᠃ ᠲᠡᠷᠡ ᠵᠢᠭᠠᠵᠤ  ᠭᠠᠷᠭᠠᠬᠤ ᠳᠠᠭᠠᠨ᠂ ᠨᠢᠭᠡ ᠵᠢᠯ ᠤᠨ ᠲᠤᠷᠰᠢ᠂  ᠬᠤᠰᠢᠭᠤ ᠤᠯᠤᠰ ᠲᠦᠷᠦ ᠶᠢᠨ ᠵᠥᠪᠯᠡᠯᠭᠡᠨ ᠨᠢ ᠬᠤᠰᠢᠭᠤ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠪᠦᠯᠬᠦᠮᠳᠡᠯ ᠪᠠ ᠠᠷᠠᠳᠴᠢᠯᠠᠯ ᠤᠨ ᠬᠤᠶᠠᠷ ᠭᠤᠣᠯ ᠰᠡᠳᠦᠪ ᠢ ᠪᠠᠲᠤ ᠡᠵᠡᠮᠳᠡᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂  ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠢᠮᠪᠠᠢ ᠬᠦᠢᠴᠡᠳᠭᠡᠨ᠂  ᠶᠡᠭᠡ ᠲᠠᠯ᠎ᠠ ᠳᠤ ᠦᠢᠯᠡᠴᠢᠯᠡᠬᠦ ᠳᠤ ᠬᠠᠷᠢᠭᠤᠴᠠᠯᠭ᠎ᠠ ᠲᠠᠢ᠂ ᠠᠷᠠᠳᠴᠢᠯᠠᠯ ᠢᠶᠠᠷ ᠵᠥᠪᠯᠡᠬᠦ ᠳᠤ ᠴᠢᠷᠮᠠᠶᠢᠯᠭ᠎ᠠ ᠲᠠᠢ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ ᠳᠤ ᠰᠢᠪᠲᠤᠯᠤᠯᠲᠠ ᠲᠠᠢ ᠪᠠᠶᠢᠬᠤ ᠶᠢ ᠪᠡᠶᠡᠯᠡᠭᠦᠯᠵᠦ᠂ ᠲᠠᠶᠢᠹᠤᠰᠧ ᠬᠤᠰᠢᠭᠤᠨ ᠤ ᠴᠢᠨᠠᠷ ᠰᠠᠶᠢᠲᠠᠢ  ᠬᠦᠭᠵᠢᠯᠳᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠬᠦᠯᠦᠨ᠂ ᠲᠤᠲᠠᠭᠳᠠᠵᠤ ᠪᠣᠯᠣᠰᠢ ᠦᠭᠡᠢ ᠦᠢᠯᠡᠳᠦᠯ ᠢᠶᠠᠨ ᠪᠠᠳᠠᠷᠠᠭᠤᠯᠪᠠ᠃  2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠡᠬᠢᠯᠡᠯᠲᠡ ᠶᠢᠨ ᠵᠢᠯ  ᠂  ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢ ᠭᠡᠷᠡᠭᠵᠢᠬᠦᠯᠵᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃  ᠬᠤᠰᠢᠭᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠡᠷᠭᠡᠪᠰᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂  ᠵᠣᠭᠰᠣᠯᠲᠠ   ᠪᠠᠨ ᠪᠠᠳᠤᠳᠬᠠᠬᠤ ᠶᠢᠨ ᠳᠤᠮᠳᠠ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂  ᠶᠡᠭᠡ ᠲᠠᠯ᠎ᠠ ᠳᠤ ᠦᠢᠯᠡᠴᠢᠯᠡᠬᠦ   ᠶᠢᠨ ᠳᠤᠮᠳᠠ ᠬᠥᠭᠵᠢᠯᠲᠡ ᠳᠤ ᠬᠦᠴᠦᠨ ᠨᠡᠮᠡᠷᠢᠯᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠᠷ ᠴᠢᠷᠮᠠᠶᠢᠨ᠂ ᠪᠦᠯᠬᠦᠮᠳᠡᠯ ᠢ ᠴᠢᠩᠭᠠᠳᠬᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠬᠦ ᠰᠠᠶᠢᠨ ᠳᠦᠷᠢ ᠲᠥᠷᠬᠦ ᠶᠢ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠪᠠᠨ ᠲᠡᠭᠡᠭᠰᠢᠯᠡᠬᠦᠯᠦᠨ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠡᠢ᠃  ᠬᠤᠰᠢᠭᠤᠨ ᠤ  ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠ ᠠᠵᠤ ᠠᠬᠤᠶᠢᠯᠠᠯ ᠤᠨ ᠲᠠᠯ᠎ᠠ ᠶᠢᠨ ᠲᠥᠯᠥᠭᠡᠯᠡᠭᠴᠢᠳ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号