ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/1/7
 ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠭᠦᠨᠵᠡᠭᠡᠢ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠤᠯᠤᠰ ᠲᠥᠷᠥ ᠶᠢᠨ ᠵᠣᠭᠰᠣᠯᠲᠠ᠂ ᠣᠨᠣᠯ ᠤᠨ ᠬᠡᠪ ᠪᠣᠯᠪᠠᠰᠤᠷᠠᠯ ᠪᠠ ᠡᠬᠦᠷᠭᠡ ᠬᠠᠷᠢᠭᠤᠴᠠᠯᠭ᠎ᠠ ᠭᠦᠢᠴᠡᠳᠬᠡᠬᠦ  ᠬᠢᠷᠢ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 6 ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠲᠥᠯᠥᠭᠡᠯᠡᠭᠴᠢᠳ ᠤᠨ  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠤᠨ ᠬᠤᠷᠠᠯ ᠢ ᠡᠷᠬᠢᠯᠡᠵᠦ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠬᠤᠶᠠᠳᠤᠭᠠᠷ  ᠬᠤᠷᠠᠯᠳᠤᠭᠠᠨ ᠳᠤ ᠤᠷᠤᠯᠴᠠᠬᠤ  ᠪᠥᠬᠦ ᠲᠥᠯᠥᠭᠡᠯᠡᠭᠴᠢᠳ ᠪᠣᠯᠪᠠᠰᠤᠷᠠᠯ ᠳᠤ  ᠤᠷᠤᠯᠴᠠᠭᠰᠠᠨ ᠪᠠᠶᠢᠨ᠎ᠠ᠃ ᠬᠤᠷᠠᠯ ᠳᠡᠭᠡᠷ᠎ᠡ᠂  ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠷᠧᠨ ᠯᠢ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭ᠎ᠠ ᠲᠠᠢ ᠨᠢᠬᠳᠠ ᠤᠶᠠᠯᠳᠤᠭᠤᠯᠤᠨ᠂ ᠬᠤᠷᠢᠳᠤᠭᠠᠷ ᠶᠡᠭᠡ ᠬᠤᠷᠠᠯ ᠤᠨ ᠠᠬᠤᠢ ᠪᠠᠶᠢᠳᠠᠯ᠂ ᠭᠤᠣᠯ ᠰᠡᠳᠦᠪ ᠠᠴᠠ ᠡᠬᠢᠯᠡᠭᠡᠳ ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠦᠲᠦᠮᠵᠢ᠂ ᠶᠠᠭᠤ ᠶᠢ ᠳᠤᠮᠳᠠᠳᠤ ᠤᠯᠤᠰ ᠤᠨ ᠮᠠᠶ᠋ᠢᠭ ᠲᠠᠢ ᠣᠳᠣᠬᠢᠴᠢᠯᠠᠯᠲᠠ ᠭᠡᠬᠦ᠂ ᠳᠤᠮᠳᠠᠳᠤ ᠤᠯᠤᠰ ᠤᠨ ᠮᠠᠶ᠋ᠢᠭ ᠲᠠᠢ ᠣᠳᠣᠬᠢᠴᠢᠯᠠᠯᠲᠠ ᠶᠢ ᠬᠡᠷᠬᠢᠨ ᠪᠡᠶᠡᠯᠡᠭᠦᠯᠬᠦ  ᠵᠢᠴᠢ ︽ᠲᠠᠪᠤ ᠶᠢ ᠪᠠᠲᠤ ᠡᠵᠡᠮᠳᠡᠬᠦ︾  ᠵᠡᠷᠭᠡ ᠠᠭᠤᠯᠭ᠎ᠠ ᠶᠢᠨ ᠲᠠᠯᠠᠪᠠᠷ ᠨᠢᠭᠡ ᠤᠳᠠᠭᠠᠨ ᠤ  ᠦᠨᠳᠦᠷᠴᠡ ᠲᠠᠢ᠂ ᠭᠦᠨᠴᠡ ᠲᠠᠢ᠂ ᠴᠢᠨᠠᠷ ᠰᠠᠶᠢᠲᠠᠢ ᠬᠢᠴᠢᠶᠡᠯ ᠲᠠᠶᠢᠯᠤᠮᠵᠢ ᠬᠢᠵᠡᠢ᠃ ᠬᠤᠷᠠᠯ ᠠᠴᠠ᠂  ᠠᠷᠠᠳ ᠤᠨ ᠲᠥᠯᠥᠭᠡᠯᠡᠭᠴᠢᠳ ᠡᠷᠭᠡᠪᠰᠢ  ᠲᠦᠯᠦᠭᠡᠯᠡᠬᠦ ᠤᠬᠠᠮᠰᠠᠷ᠂ ᠰᠤᠷᠤᠯᠴᠠᠬᠤ ᠤᠬᠠᠮᠰᠠᠷ᠂  ᠬᠠᠷᠢᠭᠤᠴᠠᠬᠤ ᠤᠬᠠᠮᠰᠠᠷ ᠢᠶᠠᠨ ᠴᠢᠩᠭᠠᠳᠬᠠᠵᠤ᠂  ᠰᠤᠷᠴᠤ ᠡᠵᠡᠮᠰᠢᠭᠰᠡᠨ ᠮᠡᠳᠡᠯᠭᠡ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠬᠠᠤᠯᠢ ᠶᠣᠰᠣᠭᠠᠷ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠤᠨ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠠᠯᠬᠤᠮ ᠠᠯᠬᠤᠮ ᠢᠶᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢ ᠶᠢᠨ ᠠᠵᠢᠯ ᠤᠨ ᠬᠢᠷᠢ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠩ ᠰᠢᠨ᠎ᠡ ᠲᠠᠪᠰᠢᠯᠳᠠ ᠲᠠᠢ  ᠂ ᠨᠡᠩ ᠰᠢᠯᠢᠳᠡᠭ ᠠᠮᠵᠢᠯᠲᠠ ᠲᠠᠢ ᠪᠣᠯᠭᠠᠵᠤ᠂ ᠰᠢᠨ᠎ᠡ ᠴᠠᠭ ᠦᠶ᠎ᠡ ᠶᠢᠨ  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠶᠢ ᠲᠠᠭᠠᠵᠤ ᠪᠦᠬᠦ ᠲᠠᠯ᠎ᠠ ᠪᠠᠷ ᠤᠷᠤᠭᠰᠢᠯᠠᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃  ᠲᠥᠯᠥᠭᠡᠯᠡᠭᠴᠢᠳ ᠬᠢᠴᠢᠶᠡᠯ ᠲᠠᠶᠢᠯᠤᠮᠵᠢ ᠶᠢ ᠰᠡᠳᠬᠢᠯ ᠰᠠᠨᠠᠭ᠎ᠠ ᠪᠠᠨ  ᠲᠦᠪᠯᠡᠷᠡᠬᠦᠯᠵᠦ ᠨᠠᠷᠢᠨ ᠬᠢᠨᠠᠮᠠᠭᠠᠢ ᠰᠤᠨᠤᠰᠤᠭᠰᠠᠨ ᠤ ᠬᠠᠮᠳᠤ᠂ ᠰᠤᠷᠤᠯᠴᠠᠯᠭ᠎ᠠ ᠶᠢᠨ  ᠤᠯᠤᠯᠳᠠ ᠪᠠᠨ ᠪᠣᠳᠠᠲᠠᠢ ᠠᠵᠢᠯ ᠤᠨ ᠴᠢᠳᠠᠪᠤᠷᠢ ᠪᠣᠯᠭᠠᠨ ᠬᠤᠪᠢᠷᠠᠭᠤᠯᠵᠤ᠂  ᠢᠳᠡᠪᠬᠢᠳᠡᠢ ᠴᠢᠷᠮᠠᠶᠢᠨ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠠᠵᠢᠯ ᠤᠨ ᠬᠢᠷᠢ ᠲᠦᠪᠰᠢᠨ ᠢᠶᠠᠨ ᠴᠢᠨᠠᠭᠰᠢᠳᠠ ᠲᠡᠭᠡᠭᠰᠢᠯᠡᠬᠦᠯᠦᠨ  ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠠᠴᠠ ᠠᠷᠠᠳ ᠤᠨ ᠲᠥᠯᠥᠭᠡᠯᠡᠭᠴᠢᠳ ᠲᠤ ᠣᠯᠭᠤᠭᠰᠠᠨ ᠲᠡᠦᠬᠡᠲᠦ ᠡᠭᠦᠷᠭᠡ ᠶᠢ ᠡᠭᠦᠷᠭᠡᠯᠡᠵᠦ᠂  ᠲᠠᠶᠢᠹᠤᠰᠧ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ ᠭᠡᠵᠦ  ᠢᠯᠡᠳᠬᠡᠵᠡᠭᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号