ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/1/7
  1 ᠰᠠᠷ᠎ᠠ ᠶᠢᠨ 6 ᠤ ᠦᠳᠡ ᠶᠢᠨ ᠬᠤᠶᠢᠨ᠎ᠠ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ  ᠬᠤᠷᠠᠯᠳᠤᠵᠤ᠂  ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ ᠯᠢ ᠵᠠᠨ ᠷᠦᠢ᠂  ᠰᠢᠶᠧ  ᠶᠢᠨ ᠳ᠋ᠦᠩ᠂ ᠶᠢᠨ ᠶᠦᠩ ᠾᠧ᠂ ᠯᠢ ᠴᠦᠨ ᠭᠤᠸᠠᠩ᠂ ᠯᠢ ᠱᠤᠤ ᠯᠢᠨ᠂ ᠪᠠᠭᠠᠲᠤᠷ᠂ ᠦ᠋ ᠭᠤᠸᠠᠩ ᠹᠥ᠋ᠩ᠂ ᠵᠠᠩ ᠸᠧᠨ ᠴᠠᠩ ᠬᠤᠷᠠᠯ ᠳᠤ ᠣᠷᠣᠯᠴᠠᠪᠠ᠃ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ ᠤ ᠣᠷᠤᠯᠴᠠᠬᠤ ᠶᠣᠰᠣᠲᠠᠢ  ᠨᠢ 35 ᠬᠥᠮᠥᠨ᠂ ᠪᠣᠳᠠᠲᠠᠢ  ᠤᠷᠤᠯᠴᠠᠭᠰᠠᠨ ᠨᠢ 30 ᠬᠥᠮᠥᠨ ᠪᠠᠶᠢᠵᠤ᠂ ᠲᠦᠷᠢᠮ ᠲᠤᠭᠳᠠᠭᠠᠯ ᠳᠤ ᠨᠡᠶᠢᠴᠡᠭᠰᠡᠨ ᠪᠠᠶᠢᠨ᠎ᠠ᠃ ᠬᠤᠷᠠᠯ ᠠᠴᠠ ᠭᠠᠷ ᠡᠷᠭᠦᠨ ᠪᠠᠲᠤᠯᠠᠬᠤ ᠠᠷᠭ᠎ᠠ ᠪᠠᠷ ᠶᠡᠭᠡ ᠬᠤᠷᠠᠯ ᠤᠨ ᠴᠠᠭ ᠤᠨ ᠪᠠᠶᠢᠷᠢᠯᠠᠭᠤᠯᠤᠯᠳᠠ ︵ᠲᠥᠰᠥᠯ︶ ᠢ ᠪᠠᠳᠤᠯᠠᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠶᠢ ᠲᠠᠨᠢᠯᠴᠠᠭᠤᠯᠵᠤ ᠰᠤᠩᠭᠤᠭᠰᠠᠨ ᠪᠦᠭᠡᠳ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢ  ᠲᠤᠭᠳᠠᠭᠠᠵᠤ᠂ ᠶᠡᠭᠡ ᠬᠤᠷᠠᠯ ᠤᠨ ᠪᠠᠲᠤᠯᠠᠬᠤ ᠬᠡᠯᠪᠡᠷᠢ ᠶᠢᠨ ᠲᠣᠭᠲᠠᠭᠠᠯ ︵ᠲᠥᠰᠥᠯ︶᠂ ᠰᠣᠩᠭᠤᠭᠤᠯᠢ ᠶᠢᠨ ᠠᠷᠭ᠎ᠠ ︵ᠲᠥᠰᠥᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠥᠭᠴᠦ ᠲᠣᠭᠲᠠᠭᠠᠬᠤ ᠠᠷᠭ᠎ᠠ ︵ᠲᠥᠰᠥᠯ︶ ᠢ ᠪᠠᠳᠤᠯᠠᠨ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠲᠤᠰᠬᠠᠢ ᠵᠦᠪᠯᠡᠯ ᠢ ᠪᠠᠶᠢᠭᠤᠯᠬᠤ ᠲᠤᠬᠠᠢ ᠲᠣᠭᠲᠠᠭᠠᠯ ︵ᠲᠥᠰᠥᠯ︶᠂  ᠬᠠᠤᠯᠢ ᠳᠦᠷᠢᠮ ᠤᠨ ᠲᠤᠰᠬᠠᠢ ᠵᠦᠪᠯᠡᠯ ᠤᠨ ᠭᠡᠰᠢᠭᠦᠨ ᠤ ᠵᠢᠱᠢᠭᠳᠡᠭᠰᠡᠳ ᠤᠨ ᠨᠡᠷᠡᠰ ᠢ ᠪᠠᠲᠤᠯᠠᠬᠤ ᠠᠷᠭ᠎ᠠ ︵ᠲᠥᠰᠥᠯ︶᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠬᠢᠵᠠᠭᠠᠷ ᠤᠨ ᠲᠤᠬᠠᠢ ᠲᠣᠭᠲᠠᠭᠠᠯ ︵ᠲᠥᠰᠥᠯ︶ ᠢ ᠪᠠᠳᠤᠯᠠᠵᠤ᠂   ᠨᠡᠷ᠎ᠡ ᠬᠤᠯᠪᠤᠭᠠᠯᠠᠨ ᠵᠢᠱᠢᠭᠳᠡᠭᠰᠡᠳ ᠤᠨ ᠨᠡᠷ᠎ᠡ ᠶᠢ ᠳᠤᠷᠠᠳᠬᠤ ᠴᠠᠭ ᠤᠨ  ᠬᠢᠵᠠᠭᠠᠷ ᠢ ᠲᠤᠭᠳᠠᠭᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号