ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/1/7
  1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ  ᠬᠤᠷᠠᠯᠳᠤᠵᠠᠢ᠃ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 190 ᠬᠥᠮᠥᠨ᠂  ᠪᠣᠳᠠᠲᠠᠢ ᠣᠷᠣᠯᠴᠠᠭᠰᠠᠨ ᠨᠢ 153 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠭᠰᠡᠨ ᠪᠠᠶᠢᠨ᠎ᠠ᠃ ᠬᠤᠷᠠᠯ ᠠᠴᠠ  ᠂ ᠠᠷᠠᠳ ᠤᠨ ᠲᠥᠯᠥᠭᠡᠯᠡᠭᠴᠢᠳ  ᠡᠷᠭᠡᠪᠰᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠨᠠᠮ ᠪᠠ ᠠᠷᠠᠳ ᠲᠦᠮᠡᠨ ᠤ ᠦᠢᠯᠡᠰ᠂  ᠲᠠᠶᠢᠹᠤᠰᠧ ᠬᠤᠰᠢᠭᠤᠨ ᠤ ᠬᠥᠭᠵᠢᠯᠲᠡ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠬᠦ ᠬᠡᠷᠡᠭᠲᠡᠢ᠃  ᠲᠠᠶᠢᠹᠤᠰᠧ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠠᠨᠠᠯ ᠰᠠᠨᠠᠭᠤᠯᠭ᠎ᠠ ᠶᠢ ᠰᠠᠶᠢᠲᠤᠷ ᠳᠤᠷᠠᠳᠴᠤ᠂ 2023 ᠣᠨ ᠤ ᠬᠠᠷᠠᠯᠲᠠ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠦᠨᠡᠨᠬᠦ ᠰᠠᠶᠢᠲᠤᠷ ᠰᠤᠳᠤᠯᠤᠨ᠂  ᠡᠨᠡ ᠤᠳᠠᠭᠠᠨ ᠤ ᠬᠤᠷᠠᠯ ᠤᠨ ᠡᠯ᠎ᠡ  ᠲᠦᠷᠦᠯ ᠤᠨ ᠵᠥᠪᠯᠡᠬᠦ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃ ᠬᠤᠷᠠᠯ ᠲᠡᠭᠡᠷ᠎ᠡ᠂ ᠶᠡᠭᠡ ᠬᠤᠷᠠᠯ ᠤᠨ ᠵᠥᠪᠯᠡᠬᠦ ᠵᠦᠢᠯ ︵ᠲᠥᠰᠥᠯ︶᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠶᠡᠭᠡ ᠬᠤᠷᠠᠯ ᠤᠨ ᠲᠥᠯᠥᠪᠯᠡᠭᠡ ᠬᠢᠭᠡᠳ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠬᠦᠳ ᠤᠨ ᠨᠡᠷᠡᠰ ︵ᠲᠥᠰᠥᠯ︶᠂ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠬᠦᠳ ᠤᠨ ᠨᠡᠷᠡᠰ ︵ᠲᠥᠰᠥᠯ︶   ᠢ  ᠪᠠᠳᠤᠯᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号