1 ᠰᠠᠷ᠎ᠠ ᠶᠢᠨ 6 ᠤ ᠦᠳᠡ ᠶᠢᠨ ᠬᠤᠶᠢᠨ᠎ᠠ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ | ᠪᠦᠯᠬᠦᠮ ᠤᠨ ᠬᠤᠶᠠᠳᠤᠭᠠᠷ ᠬᠤᠷᠠᠯ ᠬᠤᠷᠠᠯᠳᠤᠪᠠ᠃ ᠬᠤᠷᠠᠯ ᠳᠤ ᠣᠷᠤᠯᠴᠠᠬᠤ ᠶᠣᠰᠣᠲᠠᠢ ᠲᠡᠷᠢᠭᠦᠯᠡᠭᠴᠢᠳ ᠤᠨ | ᠪᠦᠯᠬᠦᠮ ᠤᠨ ᠭᠡᠰᠢᠬᠦᠨ 35 ᠬᠥᠮᠥᠨ᠂ ᠪᠣᠳᠠᠲᠠᠢ ᠣᠷᠣᠯᠴᠠᠭᠰᠠᠨ ᠨᠢ 29 ᠬᠥᠮᠥᠨ ᠪᠠᠶᠢᠵᠤ᠂ ᠬᠠᠤᠯᠢ ᠳᠤ | ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠭᠰᠡᠨ ᠪᠠᠶᠢᠨ᠎ᠠ᠃ ᠬᠤᠷᠠᠯ ᠠᠴᠠ ᠡᠯ᠎ᠡ ᠲᠥᠯᠥᠭᠡᠯᠡᠭᠴᠢᠳ ᠤᠨ | ᠪᠦᠯᠬᠦᠮ ᠤᠨ ︽ᠰᠣᠩᠭᠤᠭᠤᠯᠢ ᠶᠢᠨ ᠠᠷᠭ᠎ᠠ ︵ᠲᠥᠰᠥᠯ︶︾᠂ ︽ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠲᠣᠭᠲᠠᠭᠠᠬᠤ ᠠᠷᠭ᠎ᠠ ︵ᠲᠥᠰᠥᠯ︶︾᠂ ︽ ᠲᠠᠶᠢᠹᠤᠰᠧ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠳᠦᠷᠢᠮ ᠤᠨ ᠲᠤᠰᠬᠠᠢ ᠵᠥᠪᠯᠡᠯ ᠢ ᠪᠠᠶᠢᠭᠤᠯᠬᠤ ᠲᠤᠬᠠᠢ ᠲᠣᠭᠲᠠᠭᠠᠯ ︵ᠲᠥᠰᠥᠯ︶︾ ᠵᠢᠴᠢ ︽ | ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠳᠦᠷᠢᠮ ᠤᠨ ᠲᠤᠰᠬᠠᠢ ᠵᠥᠪᠯᠡᠯ ᠤᠨ ᠭᠡᠰᠢᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ︵ | ᠲᠥᠰᠥᠯ︶︾ ᠶᠢ ᠬᠢᠨᠠᠨ ᠵᠥᠪᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠠᠢ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠣᠷᠤᠯᠴᠠᠬᠤ ᠲᠥᠯᠥᠭᠡᠯᠡᠭᠴᠢ ᠶᠢᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠤᠨ ᠲᠤᠬᠠᠢ | ᠲᠠᠶᠢᠯᠪᠤᠷᠢ ᠶᠢ ᠤᠩᠰᠢᠪᠠ᠃ ᠬᠤᠷᠠᠯ ᠠᠴᠠ᠂ ᠨᠡᠷ᠎ᠡ ᠬᠤᠯᠪᠤᠭᠠᠯᠠᠵᠤ ᠲᠤᠷᠠᠳᠤᠭᠰᠠᠨ ᠵᠢᠱᠢᠭᠳᠡᠭᠰᠡᠳ ᠤᠨ ᠨᠡᠷᠡᠰ ᠢ | ᠪᠠᠳᠤᠯᠠᠵᠤ᠂ ᠲᠡᠷᠢᠭᠦᠯᠡᠭᠴᠢᠳ ᠤᠨ ᠪᠦᠯᠬᠦᠮ ᠤᠨ ᠶᠠᠷᠢᠯᠴᠠᠨ ᠲᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ | ᠲᠥᠯᠥᠭᠡᠯᠡᠭᠴᠢ ᠶᠢᠨ ᠵᠢᠱᠢᠭᠳᠡᠭᠰᠡᠳ ᠤᠨ ᠨᠡᠷᠡᠰ ︵ᠲᠥᠰᠥᠯ︶ ᠪᠠ ᠲᠠᠶᠢᠹᠤᠰᠧ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠦᠬᠦᠵᠦ ᠰᠤᠩᠭᠤᠬᠤ ᠭᠡᠰᠢᠭᠦᠳ ᠤᠨ ᠨᠡᠷᠡᠰ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠤᠨ ᠶᠠᠷᠢᠯᠴᠠᠨ | ᠲᠤᠷᠠᠳᠤᠭᠰᠠᠨ ᠬᠠᠤᠯᠢ ᠳᠦᠷᠢᠮ ᠤᠨ ᠲᠤᠰᠬᠠᠢ ᠵᠥᠪᠯᠡᠯ ᠤᠨ ᠭᠡᠰᠢᠭᠦᠨ ᠤ ᠵᠢᠱᠢᠭᠳᠡᠭᠴᠢ ᠶᠢᠨ ᠨᠡᠷᠡᠰ ︵ᠲᠥᠰᠥᠯ︶ | ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠪᠰᠢᠭᠦᠯᠦᠭᠰᠡᠨ | 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠵᠢᠱᠢᠭᠳᠡᠭᠰᠡᠨ ᠲᠥᠷᠥᠯ ᠵᠦᠢᠯ ︵ᠲᠥᠰᠥᠯ︶ ᠢ | ᠪᠠᠳᠤᠯᠠᠵᠠᠢ᠃ |