ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2023/1/7
  1 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂  ᠠᠷᠠᠳ ᠣᠯᠠᠨ ᠤ ᠠᠩᠬᠠᠷᠤᠯ ᠢ ᠲᠠᠲᠠᠭᠰᠠᠨ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠬᠤᠰᠢᠭᠤᠨ ᠤ ᠰᠣᠶᠣᠯ ᠤᠨ ᠲᠣᠮᠣ ᠠᠰᠠᠷ ᠲᠤ ᠦᠪᠡᠳᠡᠭᠰᠢ ᠶᠡᠭᠡ ᠪᠠᠷ ᠡᠬᠢᠯᠡᠪᠡ᠃ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠠᠷᠠᠳ ᠲᠦᠮᠡᠨ  ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠨᠢᠭᠡ ᠲᠠᠩᠬᠢᠮ ᠳᠤ ᠴᠤᠭᠯᠠᠷᠠᠨ  ᠂ ᠶᠡᠭᠡ ᠪᠣᠳᠣᠯᠭ᠎ᠠ ᠶᠢ ᠬᠠᠮᠲᠤᠪᠠᠷ ᠵᠥᠪᠳᠡᠯᠴᠡᠵᠦ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠠᠴᠠ ᠤᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂  ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ  ᠪᠢᠴᠢᠭᠯᠡᠬᠦ ᠪᠤᠯᠤᠨ᠎ᠠ᠃    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ ᠵᠤᠤ ᠹᠧᠢ ᠫᠧᠩ᠂ ᠯᠢ ᠵᠠᠨ ᠷᠦᠢ᠂ ᠴᠧᠨ ᠶᠠᠨ ᠪᠦᠦ᠂ ᠸᠠᠩ ᠸᠧᠢ ᠬᠤᠩ᠂ ᠰᠢᠶᠧ ᠶᠢᠨ ᠳ᠋ᠦᠩ᠂ ᠶᠢᠨ ᠶᠦᠩ ᠾᠧ᠂  ᠯᠢ ᠴᠦᠨ ᠭᠤᠸᠠᠩ᠂  ᠯᠢ ᠱᠤᠤ ᠯᠢᠨ᠂ ᠪᠠᠭᠠᠲᠤᠷ᠂ ᠦ᠋ ᠭᠤᠸᠠᠩ ᠹᠧᠩ᠂ ᠵᠠᠩ ᠸᠧᠨ ᠴᠠᠩ ᠵᠢᠴᠢ ᠲᠡᠷᠢᠭᠦᠯᠡᠭᠴᠢᠳ ᠤᠨ ᠪᠦᠯᠬᠦᠮ ᠤᠨ ᠪᠤᠰᠤᠳ ᠭᠡᠰᠢᠬᠦᠳ ᠲᠡᠷᠢᠭᠦᠯᠡᠭᠴᠢ ᠶᠢᠨ ᠲᠠᠶᠢᠰᠠᠨ ᠳᠤ  ᠰᠠᠭᠠᠳᠠᠵᠤ  ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠠᠩ ᠶᠢᠨ ᠮᠢᠩ  ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠠᠮ ᠤᠨ ᠬᠤᠷᠢᠶᠠᠨ ᠤ ᠪᠠᠶᠢᠭᠤᠯᠭ᠎ᠠ᠂ ᠣᠯᠠᠨ ᠲᠦᠮᠡᠨᠴᠢ ᠪᠦᠯᠬᠦᠮ᠂ ᠵᠠᠰᠠᠭ ᠤᠨ ᠣᠷᠳᠣᠨ ᠤ ᠪᠠᠶᠢᠭᠤᠯᠭ᠎ᠠ᠂ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃ ᠡᠨᠡ  ᠤᠳᠠᠭᠠᠨ ᠤ ᠶᠡᠭᠡ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 190 ᠬᠥᠮᠥᠨ᠂  ᠪᠣᠳᠠᠲᠠᠢ ᠣᠷᠣᠯᠴᠠᠭᠰᠠᠨ ᠨᠢ 153 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠭᠰᠡᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠧᠨ ᠶᠠᠨ ᠪᠦᠦ ᠠᠴᠠ ᠶᠡᠭᠡ ᠬᠤᠷᠠᠯ ᠳᠤ ︽ ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠬᠢᠪᠡ᠃      ᠢᠯᠡᠳᠭᠡᠯ ᠳᠤ᠂  ᠰᠠᠶ᠋ᠢᠬᠠᠨ ᠥᠩᠭᠡᠷᠡᠭᠰᠡᠨ 2022 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠶᠤᠮ ᠃ ᠨᠢᠭᠡ ᠵᠢᠯ ᠤᠨ ᠲᠤᠷᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ᠂ ᠠᠵᠤ ᠠᠬᠤᠢ ᠶᠢᠨ ᠪᠠᠭᠤᠷᠠᠯᠲᠠ ᠵᠡᠷᠭᠡ ᠡᠯ᠎ᠡ ᠵᠦᠢᠯ ᠤᠨ ᠥᠷᠢᠰᠦᠯᠳᠦᠭᠡᠨ ᠲᠦᠭᠰᠢᠭᠦᠷᠢ ᠬᠢᠭᠡᠳ ᠨᠦᠰᠡᠷ ᠬᠦᠨᠳᠦ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ  ᠪᠤᠯᠭᠠᠨ ᠤ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠭᠡᠷ ᠤᠳᠠᠭᠠᠨ ᠤ ᠥᠷᠭᠡᠳᠬᠡᠭᠰᠡᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ  ᠠᠬᠢᠭᠤᠯᠤᠭᠰᠠᠨ ᠢᠶᠠᠷ᠂ ᠠᠵᠤ ᠠᠬᠤᠢ ᠶᠢᠨ ᠪᠠᠶᠢᠳᠠᠯ ᠤᠯᠠᠷᠢᠯ ᠳᠠᠷᠠᠭᠠᠯᠠᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢᠶᠠᠨ ᠬᠠᠳᠠᠭᠠᠯᠠᠨ᠂  ᠤᠷᠢᠳᠴᠢᠯᠠᠵᠤ ᠵᠢᠱᠢᠭᠰᠡᠨ ᠡᠭᠦᠷᠭᠡ ᠬᠠᠷᠠᠯᠲᠠ  ᠨᠡᠯᠢᠶᠡᠳ ᠰᠠᠶᠢᠨ  ᠪᠡᠶᠡᠯᠡᠭᠳᠡᠵᠡᠢ᠃ ᠵᠢᠱᠢᠯᠲᠡ ᠪᠠᠷ᠂  ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 52.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 0.4% ᠪᠠᠷ ᠨᠡᠮᠡᠭᠳᠡᠨ᠂ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ  1.1 ᠳ᠋ᠦᠩᠰᠢᠭᠤᠷ ᠲᠥᠭᠦᠷᠢᠭ ︵ᠦᠯᠡᠳᠡᠭᠡᠨ ᠠᠪᠴᠤ ᠭᠠᠶᠢᠯᠢ ᠶᠢ ᠬᠠᠰᠤᠭᠠᠳ︶  ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 17 ᠳ᠋ᠦᠩᠰᠢᠭᠤᠷ ᠲᠥᠭᠦᠷᠢᠭ ᠲᠤ ᠬᠦᠷᠴᠦ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 9.2 ᠳ᠋ᠦᠩᠰᠢᠭᠤᠷ ᠲᠥᠭᠦᠷᠢᠭ ᠲᠤ ᠬᠦᠷᠴᠦ᠂ 0.6% ᠪᠠᠷ  ᠨᠡᠮᠡᠭᠳᠡᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠲᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠲᠤᠰᠪᠤᠷᠢ 41285 ᠲᠥᠭᠦᠷᠢᠭ ᠪᠠ 16700 ᠲᠥᠭᠦᠷᠢᠭ ᠲᠤ ᠬᠦᠷᠴᠦ᠂ 3% ᠪᠠ 8% ᠪᠠᠷ ᠨᠡᠮᠡᠭᠳᠡᠪᠡ᠃  ᠡᠨᠡ ᠵᠢᠯ ᠳᠤ  ᠂ ᠠᠵᠤ ᠦᠢᠯᠡᠰ ᠤᠨ ᠲᠥᠷᠥᠯ ᠵᠦᠢᠯ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂  ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠨᠠᠷᠢᠯᠢᠭ ᠮᠦᠷᠳᠡᠭᠡᠨ ᠬᠦᠴᠦᠷᠭᠡᠭ ᠪᠤᠯᠭᠠᠵᠤ  ᠂   ᠰᠣᠶᠣᠯ ᠵᠢᠭᠤᠯᠴᠢᠯᠠᠯ ᠪᠠ ᠠᠷᠠᠯᠵᠢᠶ᠎ᠠ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠲᠦᠷᠭᠡᠳᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠬᠦᠴᠦᠨ ᠢᠶᠠᠷ  ᠠᠬᠢᠭᠤᠯᠵᠤ᠂ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠠᠵᠢᠯ ᠢ ᠭᠦᠨᠵᠡᠭᠡᠢ ᠦᠷᠨᠢᠬᠦᠯᠦᠨ᠂ ᠬᠤᠲᠠ ᠬᠥᠳᠡᠭᠡ ᠶᠢᠨ ᠰᠠᠭᠤᠷᠢ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠢ ᠬᠦᠴᠦ ᠲᠠᠯᠪᠢᠵᠤ ᠬᠦᠭᠵᠢᠬᠦᠯᠦᠨ᠂ ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠨ᠂  ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ ᠬᠡᠵᠦ 2022 ᠤᠨ ᠤ ᠠᠵᠢᠯ ᠢᠶᠠᠨ ᠠᠷᠪᠠᠨ ᠲᠠᠯᠠᠪᠠᠷ ᠳ᠋ᠦᠩᠨᠡᠭᠰᠡᠨ ᠪᠠᠶᠢᠨ᠎ᠠ᠃  ᠢᠯᠡᠳᠭᠡᠯ ᠳᠤ ᠪᠠᠰᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠡᠬᠢᠯᠡᠯᠲᠡ ᠶᠢᠨ ᠵᠢᠯ ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠭᠡᠷᠡᠭᠵᠢᠬᠦᠯᠦᠨ ᠤᠷᠢᠳᠤᠬᠢ ᠶᠢ ᠵᠠᠯᠭᠠᠮᠵᠢᠯᠠᠵᠤ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠮᠥᠨ᠃ ᠡᠨᠡ ᠵᠢᠯ ᠤᠨ ᠠᠵᠢᠯ ᠢ ᠰᠠᠶᠢᠨ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ  ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠳᠠᠭᠠᠭᠠᠯᠭᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂  ᠵᠦᠪ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠪᠠᠲᠤ  ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠦᠯᠦᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂  ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ  ᠴᠢᠨᠠᠭᠰᠢᠳᠠ ᠰᠢᠯᠢᠳᠡᠭᠵᠢᠬᠦᠯᠦᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ  ᠪᠠᠶᠢᠭᠤᠯᠤᠯᠲᠠ ᠶᠢ ᠴᠢᠩᠭ᠎ᠠ ᠠᠳᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂  ᠠᠷᠠᠯᠵᠢᠶ᠎ᠠ ᠵᠢᠭᠤᠯᠴᠢᠯᠠᠯ ᠤᠨ ᠠᠭᠤᠰᠤᠯᠴᠠᠯ ᠢ ᠶᠡᠬᠡᠪᠡᠷ ᠠᠬᠢᠭᠤᠯᠤᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠨᠡᠶᠢᠭᠡᠮ ᠤᠨ ᠲᠣᠭᠲᠠᠭᠤᠨ ᠪᠠ  ᠠᠶᠤᠯᠬᠦᠢ ᠦᠢᠯᠡᠳᠪᠦᠷᠢᠯᠡᠯ ᠢ ᠦᠨᠡᠨᠬᠦ  ᠰᠠᠶᠢᠨ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠳᠤ ᠬᠡᠮᠵᠢᠶ᠎ᠡ ᠶᠢ ᠵᠣᠬᠢᠰᠲᠠᠢ ᠨᠡᠮᠡᠭᠳᠡᠬᠦᠯᠦᠨ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ᠂ ᠵᠣᠯ ᠵᠢᠷᠭᠠᠯ ᠲᠠᠢ ᠲᠠᠶᠢᠹᠤᠰᠧ ᠬᠤᠰᠢᠭᠤ ᠶᠢ ᠪᠠᠶᠢᠭᠤᠯᠬᠤ ᠪᠠᠷ ᠴᠢᠷᠮᠠᠶᠢᠨ᠎ᠠ᠃ ᠭᠤᠣᠯ ᠪᠤᠯᠬᠤ ᠵᠢᠱᠢᠭᠰᠡᠨ ᠬᠠᠷᠠᠯᠲᠠ ᠪᠣᠯ᠄  ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6 % ᠪᠠᠷ ᠨᠡᠮᠡᠭᠳᠡᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10.5% ᠪᠠᠷ ᠨᠡᠮᠡᠭᠳᠡᠬᠦᠯᠦᠨ᠂  ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 5.5% ᠪᠠᠷ ᠨᠡᠮᠡᠭᠳᠡᠭᠦᠯᠵᠦ᠂  ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠢ  5 % ᠪᠠᠷ ᠨᠡᠮᠡᠭᠳᠡᠬᠦᠯᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠲᠤᠬᠢᠷᠠᠭᠤᠯᠵᠤ  ᠪᠤᠯᠬᠤᠶᠢᠴᠠ ᠣᠷᠣᠯᠭ᠎ᠠ ᠶᠢ  ᠲᠤᠰᠪᠤᠷᠢ 4 % ᠪᠠ 9 % ᠪᠠᠷ ᠨᠡᠮᠡᠭᠳᠡᠭᠦᠯᠵᠦ᠂ ᠡᠯ᠎ᠡ  ᠲᠦᠷᠦᠯ  ᠤᠨ  ᠡᠵᠡᠮᠳᠡᠯ ᠤᠨ ᠴᠢᠨᠠᠷᠲᠠᠢ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠲᠠ ᠶᠢᠨ ᠬᠡᠪᠴᠢᠶᠡᠨ ᠳᠤ ᠬᠢᠵᠠᠭᠠᠷᠯᠠᠨ᠎ᠠ᠃  ᠳᠡᠭᠡᠷ᠎ᠡ ᠳᠤᠷᠠᠳᠤᠭᠰᠠᠨ  ᠡᠭᠦᠷᠭᠡ ᠬᠠᠷᠠᠯᠲᠠ ᠶᠢᠨ ᠲᠣᠭᠤᠷᠢᠨ ᠳᠤ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠨ ᠠᠳᠬᠤᠬᠤ ᠭᠡᠷᠡᠭᠳᠡᠢ᠃  ᠲᠤᠬᠠᠶᠢᠯᠠᠪᠠᠯ᠂ ᠨᠢᠬᠡ ᠳᠤ ᠠᠵᠤ ᠦᠢᠯᠡᠰ ᠤᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠃  ᠭᠤᠷᠪᠠ ᠳᠤ ᠰᠣᠶᠣᠯ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂  ᠠᠷᠠᠯᠵᠢᠶ᠎ᠠ ᠵᠢᠭᠤᠯᠴᠢᠯᠠᠯ ᠢ ᠬᠦᠭᠵᠢᠬᠦᠯᠬᠦ ᠰᠢᠨ᠎ᠡ ᠠᠵᠠ ᠲᠣᠬᠢᠶᠠᠯ ᠢ ᠡᠵᠡᠮᠳᠡᠨ᠎ᠡ᠃ ᠳᠥᠷᠪᠡ ᠳᠤ ᠰᠠᠭᠤᠷᠢ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠳᠤᠯᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃  ᠲᠠᠪᠤ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ ᠵᠢᠷᠭᠤᠭ᠎ᠠ ᠳᠤ ᠣᠯᠠᠨ ᠨᠡᠶᠢᠲᠡ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠨ᠎ᠠ᠃ ᠲᠤᠯᠤᠭ᠎ᠠ ᠳᠤ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠵᠠᠰᠠᠭ ᠪᠠᠷᠢᠬᠤ ᠬᠢᠷᠢ ᠴᠢᠳᠠᠪᠤᠷᠢ ᠪᠠᠨ ᠳᠡᠭᠡᠭᠰᠢᠯᠡᠭᠦᠯᠦᠨ᠎ᠡ ᠬᠡᠵᠦ  ᠵᠢᠭᠠᠨ ᠭᠠᠷᠭᠠᠭᠰᠠᠨ ᠪᠠᠶᠢᠨ᠎ᠠ᠃       ᠬᠤᠷᠠᠯ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠠᠴᠠ ︽ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ︾ ᠬᠢᠪᠡ᠃ ᠮᠡᠳᠡᠭᠦᠯᠦᠯᠲᠡ ᠳᠤ᠂  2022 ᠣᠨ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠤᠯᠭᠠᠨ ᠤ ᠪᠦᠬᠦᠳᠡ ᠬᠤᠷᠠᠯ ᠵᠢᠴᠢ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢ ᠪᠠᠷᠢᠮᠲᠠᠯᠠᠨ᠂ ᠪᠦᠭᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ᠂ ᠡᠯ᠎ᠡ  ᠲᠦᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠭᠡᠳ᠂ ᠨᠡᠶᠢᠭᠡᠮ ᠵᠢᠷᠤᠮᠳᠤ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠵᠤ ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠬᠦᠯᠵᠢᠯᠡᠭᠰᠡᠨ ᠡᠷᠡᠭᠦᠯ ᠲᠣᠭᠲᠠᠭᠤᠨ ᠬᠦᠭᠵᠢᠯᠳᠡ ᠳᠤ ᠢᠳᠡᠪᠬᠢᠲᠡᠢ ᠬᠤᠪᠢ ᠨᠡᠮᠡᠷᠢ ᠪᠠᠨ ᠦᠵᠡᠬᠦᠯᠪᠡ ᠬᠡᠵᠦ ᠦᠩᠭᠡᠷᠡᠭᠰᠡᠨ ᠨᠢᠬᠡ ᠵᠢᠯ ᠤᠨ ᠠᠵᠢᠯ ᠢᠶᠠᠨ ᠡᠷᠬᠢᠴᠡᠬᠦᠯᠦᠨ ᠳ᠋ᠦᠩᠨᠡᠵᠡᠢ᠃  ᠮᠡᠳᠡᠬᠦᠯᠦᠯᠳᠡ ᠳᠤ 2023 ᠣᠨ ᠤ ᠭᠤᠣᠯ ᠠᠵᠢᠯ ᠡᠭᠦᠷᠭᠡ ᠶᠢ ᠪᠠᠶᠢᠷᠢᠯᠠᠭᠤᠯᠬᠤ ᠳᠠᠭᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂  ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠦᠭᠵᠢᠬᠦᠯᠦᠨ᠂  ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠤᠨ᠂ ᠪᠠᠶᠢᠴᠠᠭᠠᠨ ᠰᠤᠳᠤᠯᠬᠤ᠂ ᠬᠢᠨᠠᠯᠲᠠ ᠲᠠᠯᠪᠢᠬᠤ ᠠᠵᠢᠯ ᠢ ᠴᠢᠨᠠᠷ ᠰᠠᠶᠢᠲᠠᠢ ᠬᠢᠵᠦ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ  ᠪᠠᠶᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠬᠡᠵᠦ ᠵᠢᠭᠠᠨ ᠭᠠᠷᠭᠠᠵᠠᠢ᠃      ᠬᠤᠷᠠᠯ ᠠᠴᠠ ︽ᠲᠠᠶᠢᠹᠤᠰᠧ ᠬᠤᠰᠢᠭᠤᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠮᠡᠳᠡᠭᠦᠯᠦᠯᠲᠡ︾ ᠪᠠ ︽ᠲᠠᠶᠢᠹᠤᠰᠧ ᠬᠤᠰᠢᠭᠤᠨ ᠤ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023  ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶ ᠤᠨ ᠮᠡᠳᠡᠭᠦᠯᠦᠯᠲᠡ︾ ᠶᠢ ᠪᠢᠴᠢᠭ ᠤᠨ ᠬᠡᠯᠪᠡᠷᠢ ᠪᠠᠷ ᠬᠢᠨᠠᠨ ᠪᠠᠶᠢᠴᠠᠭᠠᠪᠠ᠃  ᠬᠤᠷᠠᠯ ᠳᠡᠭᠡᠷ᠎ᠡ᠂  ᠰᠢᠭᠦᠬᠦ ᠬᠤᠷᠢᠶᠠᠨ ᠤ ᠳᠠᠷᠤᠭ᠎ᠠ ᠯᠢ ᠯᠢ ᠵᠢᠶᠦ᠋ᠨ  ᠂  ᠪᠠᠶᠢᠴᠠᠭᠠᠬᠤ ᠬᠤᠷᠢᠶᠠᠨ ᠤ ᠳᠠᠷᠤᠭ᠎ᠠ ᠨᠠᠷᠠᠰᠤ ᠠᠴᠠ ᠲᠤᠰᠪᠤᠷᠢ ︽ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ︾  ᠂ ︽ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ︾ ᠶᠢ ᠬᠢᠵᠡᠢ᠃ ᠮᠦᠨ ᠬᠤᠷᠠᠯ ᠤᠨ ᠲᠠᠠᠷᠠᠭᠠᠯᠠᠯ ᠶᠤᠰᠤᠭᠠᠷ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠶᠢᠨ ᠶᠦᠩ ᠾᠧ ᠠᠴᠠ ᠶᠡᠭᠡ ᠬᠤᠷᠠᠯ ᠳᠤ ︽ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠬᠢᠪᠡ᠃ ᠬᠤᠷᠠᠯ ᠠᠴᠠ ᠰᠣᠩᠭᠤᠭᠤᠯᠢ ᠶᠢᠨ ᠠᠷᠭ᠎ᠠ ︵ᠲᠥᠰᠥᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠥᠭᠴᠦ ᠲᠣᠭᠲᠠᠭᠠᠬᠤ ᠠᠷᠭ᠎ᠠ ︵ᠲᠥᠰᠥᠯ︶᠂  ᠬᠠᠤᠯᠢ ᠳᠦᠷᠢᠮ ᠤᠨ ᠲᠤᠰᠬᠠᠢ ᠵᠥᠪᠯᠡᠯ ᠢ ᠪᠠᠶᠢᠭᠤᠯᠬᠤ ᠲᠤᠬᠠᠢ ᠲᠣᠭᠲᠠᠭᠠᠯ ︵ᠲᠥᠰᠥᠯ︶᠂   ᠬᠠᠤᠯᠢ ᠳᠦᠷᠢᠮ ᠤᠨ ᠲᠤᠰᠬᠠᠢ ᠵᠥᠪᠯᠡᠯ ᠤᠨ ᠭᠡᠰᠢᠬᠦᠳ ᠤᠨ ᠵᠢᠱᠢᠭᠳᠡᠭᠴᠢ ᠶᠢ ᠪᠠᠲᠤᠯᠠᠬᠤ ᠠᠷᠭ᠎ᠠ  ︵ᠲᠥᠰᠥᠯ︶  ᠶᠢ  ᠨᠡᠶᠢᠲᠡᠯᠡᠪᠡ᠃  ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ  ᠤᠷᠤᠯᠴᠠᠭᠰᠠᠨ ᠪᠠᠶᠢᠨ᠎ᠠ  ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号