ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠎ᠡ  — ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠶᠠᠷᠢᠯᠴᠠᠭᠰᠠᠨ
ᠨᠡᠶᠢᠲᠡᠯᠡᠭᠰᠡᠨ ᠴᠠᠭ᠄
2023/1/7
  1 ᠰᠠᠷ᠎ᠠ ᠶᠢᠨ 5 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠰᠢᠭᠤᠨ ᠤ ᠤᠳᠤᠷᠢᠳᠤᠯᠭ᠎ᠠ ᠶᠢᠨ ᠶᠠᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠲᠣᠭᠤᠷᠢᠨ ᠳᠤ ᠬᠠᠯᠠᠭᠤᠨ ᠶᠠᠷᠢᠯᠴᠠᠯᠭ᠎ᠠ ᠦᠷᠨᠢᠬᠦᠯᠪᠡ᠃  ᠡᠯ᠎ᠡ  ᠬᠤᠪᠢᠶᠠᠷᠢ ᠲᠠᠯᠠᠪᠠᠢ ᠳᠤ᠂ ᠭᠡᠰᠢᠭᠦᠳ ᠬᠤᠶᠠᠷ ᠮᠡᠳᠡᠭᠦᠯᠦᠯᠲᠡ ᠪᠣᠯᠣᠨ ᠬᠤᠰᠢᠭᠤᠨ ᠤ ᠤᠳᠤᠷᠢᠳᠤᠯᠭ᠎ᠠ ᠶᠢᠨ ᠶᠠᠷᠢᠶᠠᠨ  ᠤ ᠲᠣᠭᠤᠷᠢᠨ ᠳᠤ ᠪᠤᠳᠤᠭᠰᠠᠨ ᠰᠠᠨᠠᠭᠰᠠᠨ ᠢᠶᠠᠨ ᠲᠡᠯᠭᠡᠨ ᠶᠠᠷᠢᠵᠠᠭᠠᠭᠠᠳ᠂ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ  ᠤᠯᠤᠰ ᠲᠥᠷᠥ   ᠶᠢᠨ ᠵᠥᠪᠯᠡᠯᠭᠡᠨ ᠤ ᠭᠡᠰᠢᠭᠦᠨ ᠵᠠᠩ ᠶᠦᠩ ᠹᠧᠢ᠄ ᠥᠨᠥᠳᠥᠷ ᠪᠢᠳᠡ ᠬᠤᠶᠠᠷ  ᠮᠡᠳᠡᠬᠦᠯᠦᠯᠳᠡ ᠪᠣᠯᠣᠨ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠪᠠ᠃ ᠶᠠᠩ   ᠶᠢᠨ ᠮᠢᠩ ᠲᠡᠷᠢᠭᠦᠯᠡᠭᠴᠢ ᠶᠢᠨ ᠬᠢᠭᠰᠡᠨ ᠠᠵᠢᠯ ᠤᠨ ᠢᠯᠡᠳᠬᠡᠯ ᠳᠤ᠂ 2022 ᠣᠨ ᠤ ᠤᠯᠤᠰ ᠲᠥᠷᠥ ᠶᠢᠨ ᠵᠥᠪᠯᠡᠯᠭᠡᠨ ᠤ ᠪᠥᠬᠦ ᠲᠠᠯ᠎ᠠ ᠳᠤ ᠵᠣᠭᠰᠣᠨ᠂ ᠶᠡᠭᠡ ᠲᠠᠯ᠎ᠠ ᠳᠤ ᠦᠢᠯᠡᠴᠢᠯᠡᠵᠦ᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠦ ᠪᠥᠬᠦ ᠲᠠᠯ᠎ᠠ ᠪᠠᠷ ᠳ᠋ᠦᠩᠨᠡᠵᠡᠢ᠃  ᠸᠠᠩ  ᠸᠧᠢ ᠬᠤᠩ ᠱᠦᠵᠢ ᠶᠢᠨ ᠶᠠᠷᠢᠶ᠎ᠠ  ᠴᠤ  ᠭᠡᠳ ᠦᠭᠡ ᠨᠢ ᠲᠣᠪᠴᠢ ᠰᠠᠨᠠᠭ᠎ᠠ ᠨᠢ ᠭᠦᠨ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ  ᠨᠤᠳᠠᠯᠠᠭᠰᠠᠨ ᠤ ᠬᠠᠮᠳᠤ  2023 ᠣᠨ ᠳᠤ ᠬᠡᠷᠬᠢᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ  ᠦᠢᠯᠡᠴᠢᠯᠡᠨ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠡᠭᠦᠷᠭᠡ ᠶᠢ ᠨᠡᠩ ᠰᠠᠶᠢᠨ ᠭᠦᠢᠴᠡᠳᠬᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂  ᠬᠦᠮᠦᠨ ᠠᠷᠠᠳ ᠢ  ᠵᠤᠷᠢᠬᠵᠢᠭᠤᠯᠤᠭᠰᠠᠨ ᠪᠠᠶᠢᠨ᠎ᠠ᠃     ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢᠶᠣᠣ ᠹᠠᠩ᠄  ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯ ᠨᠢᠭᠡᠨ ᠢᠷᠠᠭᠤ ᠠᠯᠳᠠᠷ᠂ ᠨᠡᠩ ᠴᠤ ᠨᠢᠭᠡᠨ ᠡᠬᠦᠷᠭᠡ ᠬᠠᠷᠢᠭᠤᠴᠠᠯᠭ᠎ᠠ ᠮᠥᠨ᠃ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ  ᠪᠠᠨ ᠪᠢ 2023 ᠣᠨ ᠤ ᠬᠠᠷᠠᠯᠲᠠ ᠡᠭᠦᠷᠭᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠬᠥᠳᠡᠭᠡ ᠲᠣᠰᠬᠤᠨ ᠳᠤ ᠦᠨᠳᠦᠰᠦᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ  ᠭᠠᠷᠭᠠᠵᠤ ᠬᠦᠴᠦᠨ ᠴᠢᠳᠠᠯ ᠢᠶᠠᠨ ᠡᠷᠬᠦᠨ᠎ᠡ᠃     ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠦᠷᠬᠦᠳ᠄  ᠤᠯᠤᠰ ᠲᠥᠷᠥ   ᠶᠢᠨ ᠵᠥᠪᠯᠡᠯᠭᠡᠨ ᠤ ᠠᠵᠢᠯ ᠤᠨ ᠮᠡᠳᠡᠬᠦᠯᠦᠯᠳᠡ ᠨᠢ ᠥᠨᠳᠥᠷ ᠵᠤᠭᠰᠤᠴᠠ᠂  ᠰᠢᠨ᠎ᠡ ᠬᠠᠷᠠᠭᠠᠰᠤ᠂ ᠶᠡᠭᠡ ᠪᠠᠶᠢᠷᠢᠰᠢᠯ   ᠢ ᠢᠯᠡᠷᠡᠭᠦᠯᠵᠦ᠂  ᠣᠯᠠᠨ ᠲᠦᠮᠡᠨ ᠲᠠᠢ ᠣᠶᠢᠷᠠᠲᠤᠵᠤ᠂ ᠢᠳᠡ ᠬᠦᠴᠦᠨ   ᠢ ᠨᠡᠮᠡᠭᠳᠡᠭᠦᠯᠦᠨ᠂  ᠢᠳᠡᠭᠡᠯ ᠵᠣᠷᠢᠭ ᠢ ᠬᠥᠪᠴᠢᠯᠡᠭᠰᠡᠨ ᠪᠠᠶᠢᠨ᠎ᠠ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠢ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃     ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠸᠠᠩ ᠬᠠᠢ ᠰᠢᠶᠠ᠄ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠨᠢ ᠦᠨᠡᠨ ᠠᠴᠠ ᠵᠥᠪ ᠢ ᠡᠷᠢᠵᠦ᠂ ᠪᠣᠳᠠᠲᠤ ᠪᠠᠶᠢᠳᠠᠯ ᠲᠠᠢ ᠨᠡᠶᠢᠴᠡᠭᠰᠡᠨ ᠮᠡᠳᠡᠬᠦᠯᠦᠯᠳᠡ ᠪᠤᠯᠵᠠᠢ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠯᠠᠪᠳᠠᠭᠤᠨ ᠪᠠᠲᠤᠲᠠᠢ  ᠠᠵᠢᠯᠯᠠᠨ᠂   ᠢᠳᠡᠪᠬᠢᠳᠡᠢ ᠪᠠᠷ ᠰᠠᠨᠠᠯ ᠵᠦᠪᠯᠡᠯᠭᠡ ᠳᠤᠷᠠᠳᠴᠤ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠦᠨ᠎ᠡ᠃ ᠡᠨᠡ ᠵᠢᠯ ᠪᠢ  ᠪᠦᠬᠦ ᠨᠡᠶᠢᠭᠡᠮ ᠢᠶᠠᠷ ᠢᠶᠠᠨ ᠡᠮᠴᠢ ᠰᠤᠪᠢᠯᠠᠭᠴᠢᠳ ᠢ ᠬᠠᠯᠠᠮᠵᠢᠯᠠᠨ᠂ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ  ᠪᠤᠢ ᠪᠣᠯᠭᠠᠬᠤ ᠲᠤᠬᠠᠢ  ᠰᠠᠨᠠᠭᠤᠯᠭ᠎ᠠ ᠶᠢ ᠲᠤᠷᠠᠳᠤᠭᠰᠠᠨ ᠪᠠᠶᠢᠨ᠎ᠠ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠹᠠᠨ ᠳ᠋ᠦᠩ ᠰᠢᠶᠠ᠄ ᠮᠡᠳᠡᠬᠦᠯᠦᠯᠳᠡ ᠳᠤ ᠤᠯᠤᠰ ᠲᠦᠷᠦ ᠶᠢᠨ ᠵᠥᠪᠯᠡᠯᠭᠡᠨ ᠤ 2022 ᠣᠨ ᠤ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ ᠪᠥᠭᠡᠳ 2023 ᠣᠨ ᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃  ᠨᠢᠬᠡᠨ ᠠᠵᠤ ᠠᠬᠤᠶᠢᠯᠠᠯᠳᠠᠨ ᠪᠦᠭᠡᠳ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠠᠷᠠᠳ ᠤᠨ ᠠᠮᠢᠳᠤᠷᠠᠯ ᠢ ᠨᠡᠩ ᠢᠯᠡᠭᠦᠦ ᠠᠩᠬᠠᠷᠤᠨ ᠬᠠᠯᠠᠮᠵᠢᠯᠠᠵᠤ᠂ ᠠᠷᠠᠳ ᠤᠨ ᠰᠠᠨᠠᠭ᠎ᠠ ᠶᠢ ᠤᠯᠠᠮ ᠰᠡᠳᠬᠢᠯ ᠲᠠᠯᠪᠢᠨ ᠰᠣᠨᠣᠰᠴᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢᠨ ᠬᠠᠮᠲᠤ ᠲᠦᠷᠦ ᠶᠢᠨ ᠪᠣᠳᠣᠯᠭ᠎ᠠ ᠤᠨᠤᠯ ᠤᠨ ᠰᠤᠷᠤᠯᠴᠠᠯᠭ᠎ᠠ ᠪᠠᠨ ᠤᠯᠠᠮ ᠨᠢᠭᠡ ᠠᠯᠬᠤᠮ  ᠴᠢᠩᠭᠠᠳᠬᠠᠨ᠂ ᠲᠡᠷᠢᠭᠦᠨ ᠤ ᠤᠨᠤᠯ ᠢᠶᠠᠷ ᠠᠵᠤ ᠠᠬᠤᠶᠢᠯᠠᠯ ᠤᠨ ᠬᠥᠭᠵᠢᠯᠲᠡ ᠪᠠᠨ ᠵᠢᠯᠤᠭᠤᠳᠴᠤ᠂ ᠵᠣᠷᠢᠭᠲᠠᠢ ᠪᠠᠷ ᠰᠢᠨ᠎ᠡ ᠶᠢ ᠡᠭᠦᠳᠦᠨ ᠬᠠᠶᠢᠨ ᠰᠦᠪᠡᠭᠴᠢᠯᠡᠵᠦ᠂ ᠮᠠᠨ ᠤ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ  ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ᠃     ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠯᠢ ᠴᠢᠩ ᠱᠠᠨ᠄ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠮᠡᠳᠡᠬᠦᠯᠦᠯᠳᠡ ᠪᠠ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠶᠠᠷᠢᠶ᠎ᠠ ᠨᠢ ᠨᠠᠳᠠᠳᠤ ᠶᠡᠬᠡᠬᠡᠨ ᠵᠤᠷᠢᠬᠵᠢᠭᠤᠯᠤᠯ ᠪᠤᠯᠤᠭᠰᠠᠨ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠠᠷᠠᠳ ᠤᠨ ᠰᠠᠨᠠᠭ᠎ᠠ ᠶᠢ ᠰᠡᠳᠬᠢᠯ ᠲᠠᠯᠪᠢᠨ ᠰᠣᠨᠣᠰᠴᠤ᠂ ᠦᠨᠳᠦᠰᠦᠨ ᠱᠠᠲᠤᠨ ᠳᠤ ᠢᠯᠡᠬᠦᠦ ᠭᠦᠨᠵᠡᠭᠡᠶᠢᠷᠡᠨ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠵᠠᠰᠠᠭ ᠤᠨ ᠶᠠᠪᠤᠳᠠᠯ ᠳᠤ ᠣᠷᠣᠯᠴᠠᠨ  ᠵᠠᠰᠠᠭ  ᠤᠨ ᠶᠠᠪᠤᠳᠠᠯ ᠢ ᠵᠥᠪᠯᠡᠵᠦ᠂ ᠲᠠᠶᠢᠹᠤᠰᠧ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ  ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢᠤᠸᠠᠢ ᠴᠢᠶᠠᠩ᠄  ᠰᠠᠶᠢᠨ ᠰᠠᠨᠠᠭᠤᠯᠭ᠎ᠠ ᠳᠤᠷᠠᠳᠬᠤ ᠪᠣᠯ ᠮᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠴᠢᠬᠤᠯᠠ ᠠᠷᠭ᠎ᠠ ᠬᠡᠯᠪᠡᠷᠢ ᠮᠥᠨ᠂ ᠡᠶᠢᠮᠦ ᠠᠴᠠ ᠮᠠᠨ ᠤ ᠰᠠᠨᠠᠯ  ᠲᠤᠷᠠᠳᠤᠯᠭ᠎ᠠ ᠨᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠨᠡᠨ ᠬᠦ ᠲᠤᠰᠬᠠᠵᠤ ᠴᠢᠳᠠᠬᠤ ᠪᠥᠭᠡᠳ ᠦᠵᠡᠰᠬᠦᠯᠡᠩᠲᠦ ᠰᠠᠶᠢᠬᠠᠨ ᠪᠠᠶᠠᠨ ᠬᠦᠴᠦᠷᠬᠡᠭ ᠲᠠᠶᠢᠹᠤᠰᠧ ᠬᠤᠰᠢᠭᠤ ᠶᠢ ᠪᠦᠲᠦᠭᠡᠨ ᠪᠠᠶᠢᠭᠤᠯᠬᠤ ᠳᠤ ᠠᠷᠭ᠎ᠠ ᠤᠬᠠᠭᠠᠨ ᠭᠠᠷᠭᠠᠵᠤ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ᠃       ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠯᠢ ᠬᠦᠸᠧ ᠹᠠᠩ᠄ ᠮᠠᠨ ᠤ ᠲᠠᠶᠢᠹᠤᠰᠧ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠨᠢ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠪᠠ  ᠬᠦᠢᠴᠡᠳᠭᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠤᠯᠠᠮ ᠠᠴᠠ ᠤᠯᠠᠮ ᠴᠢᠬᠤᠯᠠᠴᠢᠯᠠᠨ᠂ ᠰᠠᠨᠠᠯ ᠳᠤᠷᠠᠳᠤᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠨᠡᠩ ᠢᠯᠡᠬᠦᠦ ᠰᠠᠨᠠᠭᠠᠴᠢᠯᠠᠵᠤ᠂ ᠵᠥᠪᠯᠡᠯᠭᠡᠨ ᠤ ᠬᠡᠯᠪᠡᠷᠢ ᠶᠢᠨ ᠤᠯᠠᠨ ᠵᠦᠢᠯᠰᠢᠬᠦ ᠶᠢ ᠨᠡᠩ ᠴᠢᠬᠤᠯᠠᠴᠢᠯᠠᠵᠤ ᠪᠠᠶᠢᠭ᠎ᠠ᠃  ᠮᠢᠨᠦ ᠬᠤᠪᠢ ᠳᠤ ᠨᠢᠭᠡ ᠵᠢᠯ ᠤᠨ ᠲᠤᠷᠰᠢ ᠥᠪᠡᠷ ᠤᠨ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠶᠢᠨ ᠲᠠᠯᠠᠪᠠᠷ ᠶᠡᠬᠡᠬᠡᠨ ᠲᠡᠭᠡᠭᠰᠢᠯᠡᠯᠳᠡ ᠲᠠᠢ ᠪᠤᠯᠵᠠᠢ᠃ ᠬᠤᠶᠢᠰᠢᠳᠠ ᠤᠯᠠᠮ ᠢᠯᠡᠬᠦᠦ ᠴᠢᠷᠮᠠᠶᠢᠨ ᠠᠵᠢᠯᠯᠠᠵᠤ᠂ ᠤᠯᠤᠰ ᠲᠦᠷᠦ ᠶᠢᠨ ᠵᠥᠪᠯᠡᠯᠭᠡᠨ ᠤ ᠡᠬᠦᠷᠭᠡ ᠬᠠᠷᠢᠭᠤᠴᠠᠯᠭ᠎ᠠ ᠪᠠᠨ ᠤᠯᠠᠮ ᠰᠠᠶᠢᠨ ᠬᠦᠢᠴᠡᠳᠭᠡᠬᠦ ᠪᠠᠷ ᠴᠢᠷᠮᠠᠶᠢᠨ᠎ᠠ᠃    ᠤᠯᠤᠰ ᠲᠦᠷᠦ ᠶᠢᠨ ᠵᠥᠪᠯᠡᠯᠭᠡᠨ ᠤ ᠭᠡᠰᠢᠬᠦᠨ ᠰᠢᠩ ᠶᠦᠩ ᠯᠢ᠄ ᠬᠤᠶᠠᠷ ᠮᠡᠳᠡᠭᠦᠯᠦᠯᠲᠡ ᠨᠢ ᠤᠯᠤᠰ ᠲᠥᠷᠥ ᠶᠢᠨ ᠵᠥᠪᠯᠡᠯᠭᠡᠨ ᠤ ᠥᠩᠭᠡᠷᠡᠭᠰᠡᠨ ᠨᠢᠭᠡ ᠵᠢᠯ ᠳᠠᠬᠢ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠵᠡᠭᠦᠯᠦᠭᠰᠡᠨ ᠰᠢᠨ᠎ᠡ ᠬᠤᠪᠢ ᠨᠡᠮᠡᠷᠢ ᠶᠢ ᠪᠥᠬᠦ ᠲᠠᠯ᠎ᠠ ᠪᠠᠷ ᠳ᠋ᠦᠩᠨᠡᠭᠰᠡᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠢ   ᠡᠬᠦᠷᠭᠡ ᠬᠠᠷᠢᠭᠤᠴᠠᠯᠭ᠎ᠠ ᠬᠦᠨᠳᠦ ᠨᠦᠰᠡᠷ ᠮᠦᠷᠳᠡᠭᠡᠨ ᠦᠩᠭᠡ ᠭᠡᠷᠡᠯᠳᠡᠢ  ᠭᠡᠳᠡᠭ ᠢ ᠭᠦᠨ ᠣᠶᠢᠯᠠᠭᠠᠵᠤ ᠪᠠᠶᠢᠨ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠡᠭᠦᠷᠭᠡ ᠬᠠᠷᠢᠭᠤᠴᠠᠯᠭ᠎ᠠ ᠭᠦᠢᠴᠡᠳᠬᠡᠵᠦ ᠠᠷᠠᠳ ᠤᠨ ᠲᠥᠯᠥᠭᠡ ᠵᠢᠳᠬᠦᠬᠦ ᠬᠢᠷᠢ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠨ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠶᠢ ᠡᠬᠦᠳᠬᠦ ᠪᠠᠷ ᠴᠢᠷᠮᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号