ᠰᠡᠳᠬᠢᠯ ᠨᠢᠬᠡᠳᠦᠨ ᠬᠦᠴᠦ ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠨᠡᠮ —  ᠠᠷᠠᠳ ᠤᠨ ᠲᠥᠯᠥᠭᠡᠯᠡᠭᠴᠢᠳ ᠤᠨ ᠶᠠᠷᠢᠯᠴᠠᠭ᠎ᠠ
ᠨᠡᠶᠢᠲᠡᠯᠡᠭᠰᠡᠨ ᠴᠠᠭ᠄
2023/1/7
    ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠲᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠥᠷᠭᠡᠨ ᠣᠯᠠᠨ ᠠᠷᠠᠳ ᠤᠨ ᠲᠥᠯᠥᠭᠡᠯᠡᠭᠴᠢᠳ ᠤᠨ ᠳᠤᠮᠳᠠ ᠴᠢᠩᠭ᠎ᠠ ᠲᠤᠰᠬᠠᠯ ᠭᠠᠷᠴᠤ᠂ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠮᠵᠢᠯᠲᠠ ᠪᠦᠲᠦᠮᠵᠢ ᠨᠢ ᠬᠥᠭᠵᠢᠯᠲᠡ   ᠶᠢᠨ ᠢᠲᠡᠭᠡᠯ ᠵᠣᠷᠢᠭ   ᠢ ᠨᠡᠮᠡᠭᠳᠡᠬᠦᠯᠦᠨ᠂  ᠬᠦᠮᠦᠨ ᠨᠢᠬᠡᠪᠦᠷᠢ ᠳᠤ ᠮᠠᠰᠢ ᠶᠡᠭᠡ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠲᠥᠯᠥᠭᠡᠯᠡᠭᠴᠢᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂  ᠤᠶᠢᠯᠠᠭᠠᠯᠳᠠ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠥᠭᠵᠢᠯᠲᠡ ᠶᠢᠨ ᠲᠥᠯᠥᠪᠯᠡᠭᠡ  ᠶᠢ ᠬᠠᠮᠲᠤᠪᠠᠷ ᠵᠦᠪᠯᠡᠨ᠎ᠡ᠃    ᠠᠷᠠᠳ ᠤᠨ ᠲᠥᠯᠥᠭᠡᠯᠡᠭᠴᠢ ᠪᠠᠭᠠᠲᠤᠷ᠄  ᠢᠯᠡᠳᠬᠡᠯ ᠳᠤ ᠨᠢᠳᠤᠨᠤᠨ ᠤ ᠠᠮᠵᠢᠯᠲᠠ ᠪᠦᠲᠦᠮᠵᠢ ᠶᠢ ᠭᠦᠢᠴᠡᠳ ᠳ᠋ᠦᠩᠨᠡᠨ᠂ ᠡᠨᠡ ᠵᠢᠯ ᠤᠨ ᠡᠭᠦᠷᠭᠡ ᠬᠠᠷᠠᠯᠳᠠ ᠶᠢ ᠲᠣᠳᠣᠷᠬᠠᠢ ᠲᠤᠷᠠᠳᠤᠭᠠᠳ᠂ ᠠᠭᠤᠯᠭ᠎ᠠ ᠨᠢ ᠪᠦᠬᠦ ᠲᠠᠯ᠎ᠠ ᠶᠢᠨ᠂ ᠭᠤᠣᠯᠳᠠᠯᠭ᠎ᠠ ᠨᠢ ᠲᠣᠪᠣᠶᠢᠮ᠎ᠠ᠂ ᠮᠠᠰᠢ ᠴᠢᠩᠭ᠎ᠠ ᠤᠷᠢᠶᠠᠯᠠᠬᠤ ᠬᠦᠴᠦᠨ ᠪᠠ ᠨᠢᠭᠲᠠᠷᠠᠭᠤᠯᠬᠤ ᠬᠦᠴᠦᠨ ᠲᠠᠢ ᠪᠠᠶᠢᠵᠤ᠂ ᠬᠥᠮᠥᠰ ᠢ ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠪᠢ  ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠬᠦᠢᠴᠡᠳᠭᠡᠨ᠂ ᠤᠯᠠᠨ ᠲᠦᠮᠡᠨ ᠤ ᠰᠠᠶᠢᠨ ︽ᠳᠠᠭᠤ ᠳᠠᠮᠵᠢᠭᠤᠯᠤᠭᠴᠢ︾ ᠪᠤᠯᠵᠤ᠂  ᠡᠨᠡ ᠤᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠤᠨ ᠲᠤᠮᠳᠠ ᠪᠠᠨ ᠨᠠᠶᠢᠳᠠᠪᠤᠷᠢᠵᠢᠭᠤᠯᠤᠨ᠂   ᠡᠯ᠎ᠡ  ᠲᠦᠷᠦᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠤᠲᠤᠭ ᠤᠰᠤᠨ ᠤ ᠪᠠᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠨ᠎ᠡ᠃      ᠠᠷᠠᠳ ᠤᠨ ᠲᠥᠯᠥᠭᠡᠯᠡᠭᠴᠢ ᠵᠠᠩ ᠬᠠᠢ ᠯᠢᠨ᠄   ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠠᠳ ᠮᠠᠰᠢ ᠭᠦᠨ ᠲᠥᠷᠥᠭᠳᠡᠯ ᠲᠠᠢ ᠪᠠᠶᠢᠭ᠎ᠠ᠃ ᠥᠩᠭᠡᠷᠡᠭᠰᠡᠨ ᠨᠢᠭᠡ ᠵᠢᠯ ᠳᠤ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢ ᠠᠷᠠᠳ ᠤᠨ ᠠᠮᠢᠳᠤᠷᠠᠯ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾  ᠤ ᠠᠵᠢᠯ ᠢᠶᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠢᠳᠡᠪᠬᠢᠳᠡᠢ ᠦᠷᠨᠢᠬᠦᠯᠦᠭᠡᠳ ᠰᠢᠨ᠎ᠡ ᠦᠷ᠎ᠡ ᠠᠮᠵᠢᠯᠳᠠ ᠣᠯᠵᠠᠢ᠃ ᠰᠢᠨ᠎ᠡ ᠴᠠᠭ ᠦᠶ᠎ᠡ ᠶᠢᠨ ᠠᠷᠠᠳ ᠤᠨ   ᠲᠥᠯᠥᠭᠡᠯᠡᠭᠴᠢ ᠪᠠ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ  ᠪᠢ ᠠᠵᠢᠯ ᠤᠨ ᠪᠠᠶᠢᠷᠢ ᠳᠠᠭᠠᠨ ᠰᠠᠭᠤᠷᠢᠯᠠᠨ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠵᠤ᠂ ᠲᠣᠰ ᠲᠣᠰᠬᠤᠨ ᠤ ᠪᠠᠨ ᠪᠣᠳᠠᠲᠠᠢ ᠪᠠᠶᠢᠳᠠᠯ ᠢ ᠦᠨᠳᠦᠰᠦᠯᠡᠨ᠂ ᠰᠠᠶᠢᠲᠤᠷ ᠲᠥᠯᠥᠪᠵᠢᠭᠦᠯᠵᠦ᠂ ᠰᠠᠶᠢᠲᠤᠷ ᠬᠥᠭᠵᠢᠭᠦᠯᠵᠦ᠂ ᠰᠠᠶᠢᠲᠤᠷ ᠳᠠᠶᠢᠴᠢᠯᠠᠵᠤ᠂ ︽ᠲᠡᠨᠡᠭ ᠡᠪᠦᠭᠡᠨ ᠠᠭᠤᠯᠠ ᠶᠢ ᠨᠡᠬᠦᠯᠬᠡᠬᠦ︾ ᠵᠣᠷᠢᠭ ᠰᠠᠨᠠᠭ᠎ᠠ ᠪᠠᠷ  ᠬᠦᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ  ᠦᠵᠡᠰᠬᠦᠯᠡᠩ᠂  ᠬᠦᠮᠦᠨ ᠠᠷᠠᠳ ᠨᠢ ᠪᠠᠶᠠᠨ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃    ᠠᠷᠠᠳ ᠤᠨ ᠲᠥᠯᠥᠭᠡᠯᠡᠭᠴᠢ ᠶᠠᠨ ᠯᠢ ᠶᠠᠨ᠄ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ 2022 ᠣᠨ ᠤ ᠠᠵᠢᠯ ᠢ ᠪᠦᠬᠦ ᠲᠠᠯᠠᠪᠠᠷ ᠳ᠋ᠦᠩᠨᠡᠭᠰᠡᠨ ᠮᠥᠷᠲᠡᠭᠡᠨ ᠪᠠᠰᠠ 2023 ᠣᠨ ᠤ ᠠᠵᠢᠯ ᠢ ᠨᠠᠷᠢᠨ ᠲᠤᠳᠤᠷᠬᠠᠢ  ᠪᠠᠶᠢᠷᠢᠯᠠᠭᠤᠯᠤᠭᠠᠳ᠂  ᠪᠢᠳᠡ ᠪᠦᠬᠦᠨ ᠤ ᠢᠳᠡᠭᠡᠯ ᠵᠣᠷᠢᠭ ᠢ ᠬᠦᠪᠴᠢᠯᠡᠯ᠎ᠡ᠃ ᠢᠯᠡᠳᠬᠡᠯ ᠳᠤ ᠪᠠᠭᠰᠢ ᠶᠢᠨ ᠡᠩᠨᠡᠭᠡ ᠪᠣᠯᠣᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠬᠦᠴᠦ ᠪᠠᠨ ᠬᠠᠮᠲᠤᠳᠬᠠᠨ ᠰᠤᠷᠭᠠᠨ ᠬᠥᠮᠦᠵᠢᠯ ᠢ ᠠᠳᠬᠤᠵᠤ᠂ ᠦᠨᠡᠨ ᠪᠣᠳᠠᠲᠠᠢ ᠠᠮᠵᠢᠯᠲᠠ ᠪᠦᠳᠦᠮᠵᠢ ᠪᠠᠷ ᠰᠤᠷᠭᠠᠨ ᠬᠥᠮᠦᠵᠢᠯ ᠤᠨ ᠢᠲᠡᠭᠡᠯ ᠢ ᠪᠠᠲᠤᠳᠬᠠᠬᠤ ᠬᠡᠷᠡᠭᠲᠡᠢ ᠭᠡᠵᠦ ᠲᠤᠷᠠᠳᠤᠭᠰᠠᠨ ᠪᠠᠶᠢᠨ᠎ᠠ᠃ ᠪᠠᠭᠰᠢ ᠪᠣᠯᠤᠭᠰᠠᠨ ᠤ ᠬᠤᠪᠢ ᠳᠤ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠤᠭ ᠰᠠᠨᠠᠭ᠎ᠠ ᠪᠠᠨ ᠪᠠᠲᠤ ᠰᠠᠬᠢᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ  ᠵᠢᠭᠠᠨ ᠰᠤᠷᠭᠠᠯᠲᠠ ᠶᠢᠨ ᠠᠷᠭ᠎ᠠ ᠪᠠᠷᠢᠯ ᠢ ᠢᠳᠡᠪᠬᠢᠲᠡᠢ ᠰᠦᠪᠡᠭᠴᠢᠯᠡᠨ᠂  ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂  ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠵᠠᠯᠭᠠᠮᠵᠢᠯᠠᠭᠴᠢᠳ ᠢ ᠬᠥᠮᠥᠵᠢᠭᠦᠯᠬᠦ ᠪᠠᠷ ᠴᠢᠷᠮᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号