ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/1/8
  1 ᠰᠠᠷ᠎ᠠ ᠶᠢᠨ 7 ᠤ ᠡᠳᠦᠷ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠷᠠᠯ ᠬᠤᠷᠠᠯᠳᠤᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ 35 ᠬᠥᠮᠥᠨ ᠠᠴᠠ 34 ᠬᠥᠮᠥᠨ  ᠂ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠬᠤᠷᠠᠯ ᠲᠡᠭᠡᠷ᠎ᠡ᠂ ᠡᠯ᠎ᠡ  ᠲᠦᠷᠦᠯ ᠤᠨ  ᠢᠯᠡᠳᠭᠡᠯ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠠᠷᠢᠭᠤ ᠮᠡᠳᠡᠭᠦᠯᠦᠯᠲᠡ᠂   ᠵᠠᠰᠠᠭ ᠤᠨ ᠣᠷᠳᠣᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠢ ᠬᠢᠨᠠᠨ ᠵᠥᠪᠯᠡᠭᠰᠡᠨ ᠪᠠᠶᠢᠳᠠᠯ  ᠤᠨ ᠲᠤᠬᠠᠢ ᠬᠠᠷᠢᠭᠤ ᠮᠡᠳᠡᠭᠦᠯᠦᠯᠲᠡ᠂  ᠡᠯ᠎ᠡ ᠲᠦᠷᠦᠯ ᠤᠨ ᠵᠢᠱᠢᠭᠳᠡᠭᠴᠢ ᠶᠢᠨ ᠨᠡᠷᠡᠰ ᠢ ᠶᠠᠷᠢᠯᠴᠠᠭᠰᠠᠨ  ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠵᠢᠩᠬᠢᠨᠢ ᠵᠢᠱᠢᠭᠳᠡᠭᠴᠢ ᠶᠢᠨ ᠨᠡᠷᠡᠰ ᠢ ᠲᠤᠭᠳᠠᠭᠠᠭᠰᠠᠨ ᠪᠠᠶᠢᠨ᠎ᠠ᠃ ᠬᠤᠷᠠᠯ ᠠᠴᠠ ᠪᠠᠰᠠ ᠬᠠᠤᠯᠢ ᠳᠦᠷᠢᠮ ᠤᠨ ᠲᠤᠰᠬᠠᠢ ᠵᠥᠪᠯᠡᠯ ᠤᠨ ᠭᠡᠰᠢᠭᠦᠨ ᠤ ᠵᠢᠱᠢᠭᠳᠡᠭᠴᠢ ᠶᠢᠨ ᠨᠡᠷᠡᠰ ᠤᠨ ᠲᠥᠰᠥᠯ ᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ᠂ ᠲᠥᠯᠥᠪᠯᠡᠭᠡ ᠪᠠ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠭᠰᠠᠨ ᠮᠡᠳᠡᠭᠦᠯᠦᠯᠲᠡ ︵ᠲᠥᠰᠥᠯ︶ ᠶᠢ   ᠪᠠᠳᠤᠯᠠᠭᠰᠠᠨ ᠪᠦᠭᠡᠳ  ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂  ᠪᠢᠯᠧᠲ ᠬᠢᠨᠠᠭᠴᠢ ᠶᠢᠨ ᠨᠡᠷᠡᠰ ︵ᠲᠥᠰᠥᠯ︶ ᠢ ᠪᠠᠲᠤᠯᠠᠵᠤ᠂ ᠡᠯ᠎ᠡ ᠲᠦᠷᠦᠯ ᠤᠨ ᠰᠢᠢᠳᠪᠦᠷᠢ ᠶᠢᠨ ᠲᠥᠰᠥᠯ ᠢ ᠬᠢᠨᠠᠨ ᠵᠦᠪᠯᠡᠵᠦ ᠪᠠᠳᠤᠯᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号