ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/1/8
  1 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠡᠯ᠎ᠡ ᠲᠦᠷᠦᠯ ᠤᠨ ᠵᠥᠪᠯᠡᠬᠦ ᠵᠦᠢᠯ ᠢᠶᠠᠨ ᠪᠡᠶᠡᠯᠡᠬᠦᠯᠦᠭᠡᠳ ᠠᠮᠵᠢᠯᠳᠠ ᠲᠠᠢ ᠲᠡᠬᠦᠰᠦᠭᠰᠡᠨ ᠪᠠᠶᠢᠨ᠎ᠠ᠃ ᠬᠤᠷᠠᠯ ᠤᠨ ᠬᠤᠭᠤᠴᠠᠭᠠᠨ ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭ᠊ ᠬᠦᠢᠴᠡᠳᠭᠡᠨ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠠᠯᠤᠰ ᠤᠨ ᠲᠦᠰᠦᠪ ᠢ ᠬᠠᠮᠲᠤᠪᠠᠷ ᠵᠢᠷᠤᠭᠯᠠᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠲᠦᠷᠦᠯ ᠤᠨ ᠮᠡᠳᠡᠭᠦᠯᠦᠯᠲᠡ ᠪᠣᠯᠣᠨ ᠬᠤᠯᠪᠣᠭᠳᠠᠯ ᠪᠦᠬᠦᠢ ᠰᠢᠢᠳᠪᠦᠷᠢ ᠶᠢ ᠨᠠᠷᠢᠨ ᠬᠢᠨᠠᠮᠠᠭᠠᠢ ᠶᠠᠷᠢᠯᠴᠠᠵᠤ᠂ ᠢᠳᠡᠪᠬᠢᠲᠡᠢ ᠪᠠᠷ  ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠵᠦ᠂  ᠰᠠᠨᠠᠯ ᠰᠠᠨᠠᠭᠤᠯᠭ᠎ᠠ ᠲᠤᠷᠠᠳᠤᠨ ᠠᠷᠭ᠎ᠠ ᠪᠣᠳᠣᠯᠭ᠎ᠠ ᠳᠡᠪᠰᠢᠭᠦᠯᠵᠦ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠬᠦᠭᠰᠡᠨ ᠪᠠᠶᠢᠨ᠎ᠠ᠃  ᠡᠨᠡ  ᠤᠳᠠᠭᠠᠨ ᠤ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ ᠶᠠᠩ ᠶᠢᠨ ᠮᠢᠩ᠂  ᠰᠡᠴᠡᠨᠴᠤᠭᠳᠤ᠂ ᠯᠢᠦ ᠲᠢᠩ ᠰᠢᠸ᠂ ᠴᠢ ᠵᠢᠦ ᠴᠧᠩ᠂ ᠵᠤᠤ ᠶᠦᠩ᠂ ᠢᠦᠢ ᠴᠧᠩ ᠭᠦᠸᠧ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠤ  ᠂ ᠬᠤᠰᠢᠭᠤᠨ ᠤ ᠤᠳᠤᠷᠢᠳᠤᠯᠭ᠎ᠠ ᠵᠣᠣ ᠹᠧᠢ ᠫᠧᠩ᠂ ᠯᠢ ᠵᠠᠨ ᠷᠦᠢ᠂ ᠴᠧᠨ ᠶᠠᠨ ᠪᠦᠦ᠂ ᠸᠠᠩ ᠸᠧᠢ ᠬᠤᠩ᠂  ᠰᠢᠶᠧ ᠶᠢᠨ ᠳ᠋ᠦᠩ᠂ ᠶᠢᠨ ᠶᠦᠩ ᠾᠧ᠂ ᠬᠡᠰᠢᠭᠲᠦ᠂ ᠯᠢ ᠴᠦᠨ ᠭᠤᠸᠠᠩ᠂ ᠵᠣᠣ ᠬᠠᠢ ᠯᠢ᠂ ᠸᠠᠩ ᠵᠢᠦᠢ ᠰᠢ᠂ ᠯᠢ ᠯᠢ ᠵᠢᠶᠦ᠋ᠨ᠂ ᠨᠠᠷᠠᠰᠤ ᠵᠢᠴᠢ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠮᠢᠩ ᠶᠤᠸᠠᠢ ᠵᠠᠩ ᠤᠷᠢᠯᠭ᠎ᠠ ᠪᠠᠷ ᠬᠤᠷᠠᠯ ᠳᠤ ᠣᠷᠣᠯᠴᠠᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠤ᠂  ᠬᠤᠰᠢᠭᠤᠨ ᠤ ᠬᠠᠮᠢᠶ᠎ᠠ ᠪᠦᠬᠦᠢ  ᠰᠠᠯᠠᠭ᠎ᠠ ᠮᠦᠴᠢᠷ  ᠤᠨ ᠬᠠᠷᠢᠭᠤᠴᠠᠯᠭᠠᠲᠠᠨ ᠪᠠ ᠠᠵᠤ ᠠᠬᠤᠶᠢᠯᠠᠯ ᠤᠨ ᠡᠲᠡᠭᠡᠳ ᠤᠨ ᠲᠦᠯᠦᠭᠡᠯᠡᠭᠴᠢ ᠨᠠᠷ ᠬᠤᠷᠠᠯ ᠳᠤ ᠰᠤᠯᠠ ᠣᠷᠣᠯᠴᠠᠵᠠᠢ᠃ ᠡᠨᠡ ᠤᠳᠠᠭᠠᠨ ᠤ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠣᠯ᠄ ᠯᠢᠦ ᠲᠢᠩ ᠰᠢᠸ᠂ ᠵᠣᠣ ᠶᠦᠩ᠂ ᠵᠠᠩ ᠶᠦᠩ ᠹᠧᠢ᠂  ᠤᠳᠤᠨᠬᠡᠷᠡᠯ᠂ ᠯᠢᠦ ᠷᠦᠨ ᠵᠢᠶᠦ᠋ᠨ᠂ ᠵᠤ᠋ ᠸᠧᠢ᠂ ᠯᠢ ᠬᠤᠶ ᠹᠧᠩ᠂ ᠶᠠᠩ ᠽᠠᠢ ᠸᠧᠢ ᠂ ᠭᠤᠸ ᠶᠠ ᠨᠠᠨ᠂ ᠵᠧᠨ ᠴᠢᠩ ᠱᠧᠩ ᠪᠣᠯᠣᠨ᠎ᠠ᠃ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ 138 ᠬᠥᠮᠥᠨ ᠠᠴᠠ ᠬᠤᠷᠠᠯ ᠳᠤ ᠪᠣᠳᠠᠲᠠᠢ ᠣᠷᠣᠯᠴᠠᠭᠰᠠᠨ ᠨᠢ 96 ᠬᠥᠮᠥᠨ ᠪᠠᠶᠢᠵᠤ᠂ ︽ᠤᠯᠤᠰ ᠲᠦᠷᠦ ᠶᠢᠨ ᠵᠥᠪᠯᠡᠯᠭᠡᠨ ᠤ ᠳᠦᠷᠢᠮ︾   ᠤᠨ ᠲᠤᠭᠳᠠᠭᠠᠯ  ᠳᠤ ᠨᠡᠶᠢᠴᠡᠭᠰᠡᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ︽ᠰᠣᠩᠭᠤᠭᠤᠯᠢ ᠶᠢᠨ ᠠᠷᠭ᠎ᠠ︾ ᠶᠢ ᠦᠨᠳᠦᠰᠦᠯᠡᠨ᠂  ᠶᠡᠭᠡ ᠬᠤᠷᠠᠯ ᠲᠡᠭᠡᠷ᠎ᠡ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠪᠠ ᠪᠠᠶᠢᠩᠭᠤ ᠶᠢᠨ ᠭᠡᠰᠢᠭᠦᠨ 1 ᠬᠥᠮᠥᠨ ᠢ ᠰᠣᠩᠭᠤᠨ ᠭᠠᠷᠭᠠᠪᠠ᠃ ᠶᠡᠭᠡ ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠰᠠᠨᠠᠯ  ᠲᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ︵ᠲᠥᠰᠥᠯ︶ ᠶᠢ ᠬᠢᠨᠠᠨ ᠵᠦᠪᠯᠡᠵᠦ ᠪᠠᠳᠤᠯᠠᠭᠰᠠᠨ ᠪᠦᠭᠡᠳ 2022 ᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠢᠯᠢᠳᠡᠭ ᠰᠠᠨᠠᠯ ᠳᠤᠷᠠᠳᠤᠯᠭ᠎ᠠ ᠪᠠ  ᠬᠠᠷᠢᠭᠤᠴᠠᠨ ᠬᠦᠢᠴᠡᠳᠭᠡᠭᠰᠡᠨ ᠰᠢᠯᠢᠳᠡᠭ ᠨᠢᠭᠡᠴᠡ ᠶᠢ ᠬᠥᠬᠢᠭᠦᠯᠦᠨ ᠰᠠᠶᠢᠰᠢᠶᠠᠪᠠ᠃  ᠬᠤᠷᠠᠯ ᠲᠡᠭᠡᠷ᠎ᠡ ᠪᠠᠰᠠ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ  ᠲᠤᠬᠠᠢ ᠰᠢᠢᠳᠪᠦᠷᠢ᠂ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠤᠯᠤᠰ ᠲᠦᠷᠦ ᠶᠢᠨ ᠰᠢᠢᠳᠪᠦᠷᠢ ᠶᠢ ᠬᠢᠨᠡᠨ ᠵᠦᠪᠯᠡᠵᠦ ᠪᠠᠳᠤᠯᠠᠭᠰᠠᠨ ᠪᠠᠶᠢᠨ᠎ᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号