ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/1/8
   1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠡᠯ᠎ᠡ ᠲᠦᠷᠦᠯ  ᠤᠨ ᠵᠥᠪᠯᠡᠬᠦ ᠵᠦᠢᠯ ᠢᠶᠠᠨ ᠪᠡᠶᠡᠯᠡᠬᠦᠯᠦᠭᠡᠳ ᠠᠮᠵᠢᠯᠳᠠ ᠲᠠᠢ ᠲᠡᠬᠦᠰᠦᠭᠰᠡᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠠᠨ ᠷᠦᠢ ᠬᠤᠷᠠᠯ ᠢ ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ ᠴᠧᠨ ᠶᠠᠨ ᠪᠦᠦ᠂ ᠸᠠᠩ ᠸᠧᠢ ᠬᠤᠩ᠂  ᠰᠢᠶᠧ ᠶᠢᠨ ᠳ᠋ᠦᠩ᠂ ᠶᠢᠨ ᠶᠦᠩ ᠾᠧ᠂ ᠯᠢ ᠴᠦᠨ ᠭᠤᠸᠠᠩ᠂ ᠯᠢ ᠱᠣᠸ ᠯᠢᠨ᠂ ᠪᠠᠭᠠᠲᠤᠷ᠂ ᠦ᠋ ᠭᠤᠸᠠᠩ ᠹᠧᠩ᠂ ᠵᠠᠩ ᠸᠧᠨ ᠴᠠᠩ ᠵᠢᠴᠢ ᠲᠡᠷᠢᠭᠦᠯᠡᠭᠴᠢᠳ ᠤᠨ ᠪᠦᠯᠬᠦᠮ ᠤᠨ ᠪᠤᠰᠤᠳ ᠭᠡᠰᠢᠬᠦᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠵᠤ᠂  ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠠᠩ ᠶᠢᠨ ᠮᠢᠩ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠠᠷᠠᠳ ᠤᠨ ᠲᠥᠯᠥᠭᠡᠯᠡᠭᠴᠢ ᠪᠤᠰᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠠᠮ ᠤᠨ ᠬᠤᠷᠢᠶᠠᠨ ᠤ ᠪᠠᠶᠢᠭᠤᠯᠭ᠎ᠠ᠂ ᠣᠯᠠᠨ ᠲᠦᠮᠡᠨᠴᠢ ᠪᠦᠯᠬᠦᠮ᠂ ᠵᠠᠰᠠᠭ ᠤᠨ ᠣᠷᠳᠣᠨ ᠤ ᠪᠠᠶᠢᠭᠤᠯᠭ᠎ᠠ᠂ ᠰᠤᠮᠤ ᠰᠢᠶᠠᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃  ᠡᠨᠡ ᠤᠳᠠᠭᠠᠨ ᠤ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠤᠯ  ᠄ ᠸᠠᠩ ᠸᠧᠢ ᠬᠤᠩ᠂ ᠸᠠᠩ ᠸᠧᠨ ᠴᠧᠩ᠂ ᠸᠠᠩ ᠸᠧᠨ ᠢᠩ᠂ ᠪᠠᠭᠠᠲᠤᠷ᠂  ᠵᠢᠮᠢᠰ᠂ ᠯᠢ ᠱᠣᠸ ᠯᠢᠨ᠂ ᠯᠢ ᠵᠠᠨ ᠷᠦᠢ᠂ ᠯᠢ ᠴᠦᠨ ᠭᠤᠸᠠᠩ᠂ ᠦ᠋ ᠭᠤᠸᠠᠩ ᠹᠧᠩ᠂ ᠵᠠᠩ ᠸᠧᠨ ᠴᠠᠩ᠂ ᠴᠧᠨ ᠶᠠᠨ ᠪᠦᠦ᠂ ᠹᠠᠨ ᠴᠦᠨ ᠫᠢᠩ᠂ ᠵᠧᠦ ᠶᠠᠨ ᠴᠢᠩ᠂ ᠵᠧᠩ ᠰᠢᠸ ᠯᠢᠩ᠂ ᠵᠣᠣ ᠹᠧᠢ ᠫᠧᠩ᠂ ᠵᠣᠣ ᡁᠢ ᠭᠦᠸᠧ᠂ ᠫᠧᠩ ᠢᠦᠢ ᠭᠦᠸᠧ᠂ ᠵᠢᠶᠣᠣ ᡁᠢ ᠭᠤᠸᠠᠩ᠂  ᠰᠢᠶᠧ ᠶᠢᠨ ᠳ᠋ᠦᠩ ᠪᠤᠯᠤᠨ᠎ᠠ᠃ ᠡᠨᠡ ᠤᠳᠠᠭᠠᠨ ᠤ ᠶᠡᠭᠡ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 190 ᠬᠥᠮᠥᠨ᠂ ᠪᠣᠳᠠᠲᠠᠢ ᠣᠷᠣᠯᠴᠠᠭᠰᠠᠨ ᠨᠢ 153 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃  ᠬᠤᠷᠠᠯ ᠠᠴᠠ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ   ᠪᠠᠷ ᠲᠣᠭᠲᠠᠭᠠᠬᠤ ᠠᠷᠭ᠎ᠠ ᠶᠢ ᠪᠠᠳᠤᠯᠠᠵᠤ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ  ᠤᠨ ᠲᠤᠬᠠᠢ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠭᠰᠡᠨ ᠪᠦᠭᠡᠳ   2023 ᠣᠨ ᠤ 5 ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠢᠶᠠᠷ ᠲᠣᠭᠲᠠᠭᠠᠪᠠ᠃ ᠶᠡᠭᠡ ᠬᠤᠷᠠᠯ ᠠᠴᠠ ᠪᠠᠰᠠ ︽ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠡᠳ᠋ ᠤᠨ ᠵᠠᠰᠠᠭ ᠤᠨ ᠲᠥᠰᠥᠪ ᠤᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ︾ ︽ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ︾ ᠶᠢ ᠪᠠᠳᠤᠯᠠᠭᠰᠠᠨ ᠪᠠᠶᠢᠨ᠎ᠠ  ᠃ ᠵᠣᠣ ᠹᠧᠢ ᠫᠧᠩ ᠬᠤᠰᠢᠭᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠬᠦ ᠶᠢᠨ ᠬᠠᠮᠳᠤ᠂  ᠥᠩᠭᠡᠷᠡᠭᠰᠡᠨ ᠨᠢᠬᠡ ᠵᠢᠯ  ᠳᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ   ᠶᠢᠨ ᠪᠠᠶᠢᠳᠠᠯ ᠪᠣᠯᠣᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠦᠨᠳᠦ ᠨᠦᠰᠡᠷ ᠡᠭᠦᠷᠭᠡ   ᠶᠢᠨ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ   ᠶᠢᠨ ᠵᠥᠪᠯᠡᠯᠭᠡᠨ ᠨᠢ ᠭᠤᠣᠯ ᠠᠵᠢᠯ ᠤᠨ ᠲᠣᠭᠤᠷᠢᠨ ᠳᠤ ᠪᠦᠯᠬᠦᠮᠳᠡᠨ ᠲᠡᠮᠡᠴᠡᠵᠦ᠂ ᠡᠯ᠎ᠡ ᠲᠥᠷᠥᠯ ᠤᠨ ᠠᠵᠢᠯ ᠦᠢᠯᠡᠰ ᠤᠨ ᠰᠢᠨ᠎ᠡ ᠠᠬᠢᠯᠲᠠ ᠶᠢ ᠪᠡᠶᠡᠯᠡᠬᠦᠯᠦᠭᠰᠡᠨ ᠪᠠᠶᠢᠨ᠎ᠠ᠃ 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠃ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ  ᠪᠠᠷ  ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠨᠡᠮᠡᠭᠳᠡᠬᠦᠯᠵᠦ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠶᠢᠨ  ᠵᠦᠢ ᠵᠣᠬᠢᠰᠲᠠᠢ ᠨᠡᠮᠡᠭᠳᠡᠯ ᠪᠠ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠶᠢ ᠠᠬᠢᠭᠤᠯᠤᠨ᠂ ᠰᠢᠨ᠎ᠡ ᠴᠠᠭ ᠦᠶ᠎ᠡ ᠶᠢᠨ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ ᠠᠷᠠᠳ ᠲᠦᠮᠡᠨ ᠤ ᠣᠶᠤᠨ ᠤᠬᠠᠭᠠᠨ ᠢ ᠨᠢᠭᠲᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠴᠢᠳᠠᠯ ᠢ ᠲᠦᠪᠯᠡᠷᠡᠬᠦᠯᠦᠨ᠂ ᠡᠷᠡᠯᠬᠡᠭᠯᠡᠨ ᠲᠡᠮᠡᠴᠡᠵᠦ᠂ ᠴᠥᠬᠦᠷᠡᠰᠢ ᠦᠭᠡᠢ ᠴᠢᠷᠮᠠᠶᠢᠨ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ ᠤᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠤᠶᠢᠯ ᠢ  ᠪᠠᠶᠢᠭᠤᠯᠬᠤ ᠪᠠ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠭᠡᠷᠡᠭᠳᠡᠢ ᠬᠡᠵᠦ ᠵᠢᠭᠠᠨ ᠭᠠᠷᠭᠠᠭᠰᠠᠨ ᠪᠠᠶᠢᠨ᠎ᠠ᠃  ᠯᠢ ᠵᠠᠨ ᠷᠦᠢ ᠬᠤᠷᠠᠯ ᠲᠡᠬᠦᠰᠭᠡᠬᠦ ᠶᠠᠷᠢᠶᠠᠨ ᠳᠠᠭᠠᠨ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠬᠤᠷᠠᠯᠳᠤᠭᠠᠨ ᠨᠢ  ᠬᠤᠰᠢᠭᠤ ᠨᠠᠮ ᠤᠨ ᠬᠤᠷᠢᠶ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠤᠳᠤᠷᠢᠳᠤᠯᠭ᠎ᠠ ᠵᠢᠴᠢ ᠪᠥᠬᠦ ᠲᠥᠯᠥᠭᠡᠯᠡᠭᠴᠢᠳ ᠪᠠ ᠠᠵᠢᠯᠲᠠᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠡᠯ᠎ᠡ  ᠲᠦᠷᠦᠯ ᠤᠨ ᠵᠥᠪᠯᠡᠬᠦ ᠵᠦᠢᠯ  ᠢᠶᠠᠨ ᠠᠮᠵᠢᠯᠲᠠ ᠲᠠᠢ ᠪᠡᠶᠡᠯᠡᠬᠦᠯᠪᠡ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠭᠡᠨ᠂ ᠠᠷᠠᠳᠴᠢᠯᠠᠯ ᠤᠨ ᠡᠷᠬᠡ ᠪᠠᠨ ᠲᠥᠪ ᠴᠢᠩᠭ᠎ᠠ ᠪᠠᠷ ᠬᠡᠷᠡᠭᠵᠢᠭᠦᠯᠵᠦ᠂ ᠰᠢ ᠶᠢᠨ ᠫᠢᠩ ᠨᠥᠬᠦᠷ ᠢᠶᠠᠷ  ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠤᠯᠤᠰ ᠲᠦᠷᠦ ᠶᠢᠨ ᠤᠬᠠᠮᠰᠠᠷ ᠢ ᠭᠦᠢᠴᠡᠳ ᠢᠯᠡᠷᠡᠬᠦᠯᠵᠡᠢ ᠭᠡᠵᠦ ᠳ᠋ᠦᠩᠨᠡᠭᠰᠡᠨ ᠪᠠᠶᠢᠨ᠎ᠠ᠃ ᠯᠢ ᠵᠠᠨ ᠷᠦᠢ ᠱᠠᠭᠠᠷᠳᠠᠬᠤ  ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ  ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠭᠡᠨ᠂ ᠦᠢᠯᠡ ᠠᠵᠢᠯᠯᠠᠭ᠎ᠠ ᠪᠠᠨ  ᠵᠢᠯᠤᠭᠤᠳᠤᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂  ᠠᠷᠠᠳᠴᠢᠯᠠᠯ ᠪᠠ ᠠᠷᠠᠳ ᠤᠨ ᠰᠠᠨᠠᠭ᠎ᠠ ᠶᠢ ᠢᠯᠡᠳᠬᠡᠬᠦ ᠲᠠᠪᠴᠠᠩ ᠤᠨ ᠪᠠᠶᠢᠭᠤᠯᠤᠯᠲᠠ  ᠶᠢ ᠲᠠᠰᠤᠷᠠᠯᠲᠠ ᠦᠭᠡᠢ ᠲᠡᠬᠦᠯᠳᠡᠷᠵᠢᠬᠦᠯᠦᠨ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠯ᠎ᠡ  ᠲᠦᠷᠦᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠪᠠ ᠠᠷᠠᠳ ᠲᠦᠮᠡᠨ ᠤ ᠢᠲᠡᠭᠡᠯ ᠢ ᠬᠤᠪᠢ ᠲᠠᠬᠢᠨ ᠨᠠᠨᠳᠢᠩᠨᠠᠵᠤ᠂  ᠮᠦᠷᠦᠯᠡᠵᠦ ᠪᠠᠶᠢᠭ᠎ᠠ  ᠡᠬᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠨ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠪᠠᠨ ᠴᠠᠭ ᠢᠮᠠᠭᠲᠠ ᠰᠢ ᠶᠢᠨ ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠬᠡᠵᠡᠢ᠃ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠦᠭᠦ ᠲᠥᠯᠥᠭᠡᠯᠡᠭᠴᠢ ᠬᠤᠷᠠᠯ ᠳᠤ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠳᠤ ᠣᠷᠣᠯᠴᠠᠭᠰᠠᠨ ᠪᠦᠭᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号