ᠠᠷᠠᠳ ᠤᠨ ᠰᠡᠳᠬᠢᠯ ᠢ ᠤᠯᠤᠭᠰᠠᠨ ︽ᠡᠷᠡᠭᠦᠯ ᠳᠤ ᠲᠤᠰᠠᠯᠠᠬᠤ ᠢᠨᠵᠧᠨᠧᠷᠢᠩ︾
ᠨᠡᠶᠢᠲᠡᠯᠡᠭᠰᠡᠨ ᠴᠠᠭ᠄
2023/10/18
  ︽ ᠲᠠᠭᠤ ᠰᠤᠨᠤᠰᠳᠠᠪᠠᠯ ᠭᠠᠷ ᠢᠶᠠᠨ ᠡᠷᠬᠦᠵᠦ ᠨᠠᠳᠠ ᠮᠡᠳᠡᠭᠳᠡᠭᠡᠷᠡᠢ ᠁︾  ᠰᠣᠨᠣᠷ ᠪᠠᠶᠢᠴᠠᠭᠠᠬᠤ ᠠᠬᠤᠢ ᠲᠠᠯᠠᠪᠠᠶ ᠳᠤ ᠲᠤᠰᠬᠠᠢ ᠮᠡᠷᠭᠡᠵᠢᠯᠳᠡᠨ ᠰᠣᠨᠣᠷ ᠤᠨ ᠰᠠᠭᠠᠳ ᠲᠠᠢ ᠬᠥᠮᠥᠨ ᠨᠢᠭᠡᠪᠦᠷᠢ ᠶᠢ ᠬᠦᠯᠢᠴᠡᠩᠭᠦᠢ ᠪᠠᠷ ᠵᠢᠭᠠᠨ ᠵᠢᠯᠤᠭᠤᠳᠴᠤ ᠰᠣᠨᠣᠷ ᠤᠨ ᠣᠨᠣᠰᠢᠯᠠᠯᠲᠠ ᠪᠠ ᠰᠢᠯᠭᠠᠯᠲᠠ ᠬᠢᠯᠭᠡᠨ᠂  ᠰᠣᠨᠣᠷ ᠲᠤᠳᠤᠤᠡᠬᠠᠭᠤᠷ ᠢ ᠬᠠᠮᠤᠭ ᠤᠨ ᠬᠠᠨᠤᠮᠵᠢᠲᠠᠶ ᠪᠠᠶᠢᠯᠭᠠᠬᠤ ᠪᠠᠷ ᠴᠢᠷᠮᠠᠶᠢᠨ᠎ᠠ᠃     10 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ︽ᠡᠷᠡᠭᠦᠯ ᠳᠤ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠬᠦ ᠪᠦᠯᠬᠦᠮ  ᠲᠠᠶᠢᠹᠤᠰᠧ ᠬᠤᠰᠢᠭᠤᠨ ᠳᠤ ᠢᠷᠡᠵᠦ ᠦᠨ᠎ᠡ ᠲᠦᠯᠦᠪᠦᠷᠢ ᠦᠬᠡᠢ ᠰᠣᠨᠣᠷ ᠲᠤᠳᠤᠤᠡᠬᠠᠭᠤᠷ ᠲᠠᠭᠠᠷᠠᠭᠤᠯᠬᠤ ᠠᠵᠢᠯᠯᠠᠭ᠎ᠠ ᠦᠷᠨᠢᠬᠦᠯᠵᠡᠢ᠃ ᠡᠨᠡ ᠬᠤᠭᠤᠴᠠᠭᠠᠨ ᠳᠤ᠂ ᠠᠵᠢᠯᠲᠠᠳ ᠪᠠᠰᠠ ᠰᠣᠨᠣᠷ ᠤᠨ ᠰᠠᠭᠠᠳ ᠲᠠᠢ ᠬᠥᠮᠥᠰ ᠪᠠ ᠲᠡᠳᠡᠨ ᠤ ᠲᠥᠷᠥᠯ ᠰᠠᠳᠤᠨ ᠳᠤ ᠤᠬᠠᠭᠤᠯᠭ᠎ᠠ ᠲᠠᠶᠢᠯᠤᠮᠵᠢ ᠬᠢᠵᠦ᠂ ᠰᠣᠨᠣᠷ ᠲᠤᠳᠤᠤᠡᠬᠠᠭᠤᠷ ᠢ ᠲᠠᠭᠠᠷᠠᠭᠤᠯᠵᠤ ᠵᠡᠭᠦᠬᠦ ᠪᠠ ᠠᠷᠠᠴᠢᠯᠠᠬᠤ ᠠᠷᠭ᠎ᠠ᠂ ᠡᠳᠦᠷ ᠲᠤᠲᠤᠮ ᠤᠨ ᠬᠡᠷᠡᠭᠯᠡᠭᠡᠨ ᠤ ᠲᠤᠮᠳᠠᠬᠢ ᠠᠩᠬᠠᠷᠬᠤ ᠵᠦᠢᠯᠡᠰ ᠵᠢᠴᠢ ᠰᠣᠨᠣᠷ ᠤᠨ ᠬᠠᠮᠠᠭᠠᠯᠠᠯᠲᠠ ᠶᠢᠨ ᠲᠠᠯᠠᠪᠠᠷ ᠬᠢ ᠬᠠᠮᠢᠶ᠎ᠠ ᠪᠦᠬᠦᠢ ᠮᠡᠳᠡᠯᠭᠡ ᠶᠢ ᠤᠯᠠᠮᠵᠢᠯᠠᠭᠰᠠᠨ ᠪᠠᠶᠢᠨ᠎ᠠ᠃ ︽ᠡᠷᠡᠭᠦᠯ ᠳᠤ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ  ᠲᠦᠷᠦᠯ ᠵᠦᠢᠯ ᠪᠠᠶᠢᠵᠤ᠂  2011 ᠣᠨ ᠠᠴᠠ ᠡᠬᠢᠯᠡᠭᠡᠳ ᠤᠳᠤ ᠪᠤᠯᠬᠤ ᠳᠤ ᠨᠢᠬᠡᠨᠳᠡ ᠠᠷᠪᠠᠨ ᠭᠤᠷᠪᠠᠳᠤᠭᠠᠷ ᠵᠢᠯ ᠢᠶᠠᠨ ᠪᠤᠯᠵᠠᠢ᠃ ᠪᠡᠯᠡ ᠮᠥᠩᠭᠦ ᠶᠢᠨ ᠭᠤᠣᠯ ᠢᠷᠡᠯᠲᠡ ᠪᠣᠯ ᠨᠡᠶᠢᠲᠡ ᠶᠢᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠪᠡᠯᠡ ᠮᠦᠩᠬᠦ ᠪᠠᠶᠢᠵᠤ᠂  ᠭᠤᠣᠯ ᠪᠤᠯᠬᠤ ᠠᠪᠤᠷᠠᠨ ᠲᠤᠰᠠᠯᠠᠬᠤ ᠬᠡᠪᠴᠢᠶ᠎ᠡ ᠳᠤ ᠭᠤᠤᠯᠳᠠᠭᠤ ᠠᠷᠠᠳ ᠤᠨ ᠶᠠᠪᠤᠳᠠᠯ ᠤᠨ ᠦᠨᠳᠦᠰᠦᠨ ᠵᠦᠢᠯ ᠢ ᠪᠠᠲᠤᠯᠠᠬᠤ ᠨᠢᠭᠤᠷᠯᠠᠯ ᠤᠨ ᠳᠣᠲᠣᠷᠠᠬᠢ ᠵᠡᠮᠳᠡᠭᠴᠦᠳ ᠢ ᠬᠠᠮᠤᠷᠤᠨ᠂ ᠭᠤᠣᠯᠳᠠᠭᠤ ᠡᠯ᠎ᠡ ᠲᠥᠷᠥᠯ ᠤᠨ ᠲᠤᠰᠠᠯᠠᠬᠤ ᠪᠠᠭᠠᠵᠢ ᠭᠡᠷᠡᠭᠰᠡᠯ ᠢ ᠲᠠᠷᠬᠠᠭᠠᠳᠠᠭ᠃    ᠥᠪᠡᠷᠲᠡᠭᠡᠨ ᠵᠠᠰᠠᠬᠤ ᠣᠷᠣᠨ ᠤ ︽ᠡᠷᠡᠬᠦᠯ ᠳᠤ ᠲᠤᠰᠠᠯᠠᠬᠤ ᠢᠨᠵᠧᠨᠧᠷᠢᠩ︾  ᠤᠨ ᠲᠦᠷᠦᠯ ᠵᠦᠢᠯ ᠤᠨ ᠬᠠᠷᠢᠭᠤᠴᠠᠯᠭᠠᠲᠠᠨ ᠬᠤᠤ ᠯᠢ᠄ ︽ᠡᠨᠡ ᠤᠳᠠᠭᠠᠨ ᠤ ᠰᠣᠨᠣᠷ ᠤᠨ ᠰᠠᠭᠠᠳ ᠲᠠᠢ ᠬᠥᠮᠥᠰ ᠲᠤ ᠰᠣᠨᠣᠷ ᠲᠤᠳᠤᠤᠡᠬᠠᠭᠤᠷ ᠲᠠᠭᠠᠷᠠᠭᠤᠯᠵᠤ ᠦᠭᠬᠦ ᠲᠥᠷᠥᠯ ᠵᠦᠢᠯ ᠨᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠳᠤ ᠬᠦᠴᠦ ᠨᠡᠮᠡᠷᠢᠯᠡᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ  ᠪᠠᠷ ᠬᠥᠭᠵᠢᠬᠦ  ᠶᠢ ᠠᠬᠢᠭᠤᠯᠤᠨ᠂ ᠵᠡᠮᠳᠡᠭᠴᠦᠳ ᠤᠨ ᠭᠡᠷ ᠪᠦᠯᠢ ᠳᠤ ᠪᠤᠶᠠᠨ ᠦᠢᠯᠡᠳᠦᠭᠰᠡᠨ ᠠᠵᠢᠯᠯᠠᠭ᠎ᠠ ᠪᠤᠯᠬᠤ ᠶᠤᠮ᠂ ᠡᠨᠡ ᠬᠦ᠋ ᠠᠵᠢᠯ ᠢ ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ᠂ ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠮᠠᠰᠢ ᠢᠳᠡᠪᠬᠢᠲᠡᠢ ᠪᠠᠷ ᠬᠠᠮᠵᠢᠯᠴᠠᠵᠤ᠂ ᠵᠡᠮᠳᠡᠭᠴᠦᠳ ᠢ ᠭᠡᠷ ᠪᠦᠯᠢ ᠳᠤᠨᠢ ᠨᠡᠩ ᠰᠠᠶᠢᠨ ᠠᠭᠤᠰᠤᠯᠴᠠᠬᠤ᠂ ᠨᠡᠶᠢᠭᠡᠮ ᠨᠡᠶᠢᠳᠡ ᠲᠠᠢ ᠨᠡᠩ ᠰᠠᠶᠢᠨ ᠬᠠᠷᠢᠴᠠᠭᠤᠯᠬᠤ ᠪᠠᠷ ᠴᠢᠷᠮᠠᠶᠢᠵᠠᠢ︾᠃     ᠡᠨᠡ ᠤᠳᠠᠭ᠎ᠠ ᠨᠥᠬᠦᠴᠡᠯ ᠳᠤ ᠨᠡᠶᠢᠴᠡᠭᠰᠡᠨ ᠰᠣᠨᠣᠷ ᠤᠨ ᠰᠠᠭᠠᠳ ᠲᠠᠢ ᠪᠦᠭᠡᠳ ᠠᠮᠢᠳᠤᠷᠠᠯ ᠨᠢ ᠬᠦᠴᠢᠷᠳᠡᠯ ᠲᠠᠢ 88 ᠬᠦᠮᠦᠨ ᠳᠤ 169 ᠰᠣᠨᠣᠷ ᠲᠤᠳᠤᠤᠡᠬᠠᠭᠤᠷ   ᠢ ᠦᠨ᠎ᠡ ᠲᠦᠯᠦᠪᠦᠷᠢ ᠦᠬᠡᠢ ᠪᠠᠷ ᠲᠠᠭᠠᠷᠠᠭᠤᠯᠤᠨ ᠦᠭᠴᠦ᠂ ᠡᠲᠡᠭᠡᠷ ᠰᠣᠨᠣᠷ ᠤᠨ ᠰᠠᠭᠠᠳ ᠲᠠᠢ ᠬᠥᠮᠥᠰ ᠢ ᠬᠠᠪᠰᠤᠷᠤᠨ ᠠᠵᠤ ᠠᠬᠤᠢ ᠶᠢᠨ ᠳᠠᠷᠤᠭᠠᠰᠤ ᠶᠢ ᠨᠢ ᠬᠦᠩᠬᠡᠯᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ  ᠰᠠᠶᠢᠵᠢᠷᠠᠭᠤᠯᠤᠨ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠭᠰᠡᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号