ᠪᠥᠬᠦ ᠬᠤᠰᠢᠭᠤᠨ ᠤ ᠮᠠᠯᠴᠢᠨ ᠲᠠᠷᠢᠶᠠᠴᠢᠨ ᠨᠠᠶᠢᠵᠠ ᠨᠠᠷ ᠲᠤ ᠢᠯᠡᠭᠡᠭᠰᠡᠨ ᠨᠢᠬᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2023/10/19
ᠡᠯ᠎ᠡ ᠰᠤᠮᠤ ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠭᠠᠴᠠᠭ᠎ᠠ ᠲᠣᠰᠬᠤᠨ ᠤ  ᠠᠷᠠᠳ  ᠤᠨ ᠵᠥᠪᠯᠡᠯ ᠵᠢᠴᠢ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ ᠳᠤ᠄    ᠣᠳᠣᠬᠠᠨ ᠨᠠᠮᠤᠷ ᠤᠨ ᠬᠤᠷᠢᠶᠠᠯᠲᠠ ᠶᠢᠨ ᠠᠵᠢᠯ ᠰᠢᠪᠲᠤᠷᠭᠠᠨ ᠳᠠᠭᠠᠨ ᠣᠷᠣᠵᠤ᠂ ᠲᠠᠷᠢᠶᠠᠯᠠᠩ ᠳᠤ ᠬᠡᠷᠡᠭᠯᠡᠬᠦ ᠰᠦᠯᠢᠶᠤᠤ ᠪᠦᠷᠬᠦᠪᠴᠢ ᠶᠢ ᠴᠡᠪᠡᠷᠯᠡᠬᠦ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠃  ᠰᠦᠯᠢᠶᠤᠤ ᠪᠦᠷᠬᠦᠪᠴᠢ  ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ  ᠬᠤᠷᠢᠶᠠᠨ ᠠᠪᠴᠤ ᠰᠢᠢᠳᠪᠦᠷᠢᠯᠡᠬᠦ ᠠᠬᠢᠴᠠ ᠶᠢ ᠲᠦᠷᠭᠡᠳᠬᠡᠵᠦ᠂  ᠴᠠᠭᠠᠨ ᠤ ᠪᠣᠬᠢᠷᠲᠤᠯ ᠢ ᠪᠠᠭᠠᠰᠬᠠᠨ᠂  ᠣᠷᠣᠰᠢᠨ ᠠᠮᠢᠳᠤᠷᠠᠭ᠎ᠠ ᠣᠷᠴᠢᠨ ᠲᠣᠭᠤᠷᠢᠨ ᠢᠶᠠᠨ ᠬᠠᠶᠢᠷᠠᠯᠠᠨ ᠬᠠᠮᠠᠭᠠᠯᠠᠬᠤ ᠶᠢ   ᠡᠳᠦᠭᠡ ᠲᠠᠨ ᠪᠦᠬᠦᠨ ᠳᠤ ᠬᠢᠴᠢᠶᠡᠩᠬᠦᠶᠢᠯᠡᠨ ᠰᠠᠨᠠᠭᠤᠯᠵᠤ ᠪᠠᠶᠢᠨ᠎ᠠ᠃   ᠨᠢᠭᠡ ᠳᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠬᠡᠷᠡᠭᠯᠡᠨ᠎ᠡ᠃ ᠰᠦᠯᠢᠶᠥᠦ ᠪᠦᠷᠬᠦᠪᠴᠢ   ᠶᠢᠨ ᠦᠷ᠎ᠡ ᠠᠰᠢᠭ ᠨᠢ ᠢᠯᠡᠷᠬᠡᠢ ᠪᠤᠰᠤ᠂ ᠬᠡᠪ ᠤᠨ ᠲᠠᠷᠢᠶᠠᠯᠠᠭ᠎ᠠ ᠪᠠᠷ ᠴᠤ ᠭᠡᠰᠡᠨ ᠤᠷᠭᠤᠯᠲᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠳᠤ ᠭᠦᠷᠪᠡᠯ᠂ ᠰᠦᠯᠢᠶᠥᠦ ᠪᠦᠷᠬᠦᠪᠴᠢ ᠬᠡᠷᠡᠭᠯᠡᠬᠦ ᠶᠢ ᠠᠯᠢ ᠴᠢᠳᠠᠬᠤ ᠪᠠᠷ ᠪᠠᠭᠠᠰᠬᠠᠬᠤ ᠪᠤᠶᠤ ᠬᠡᠷᠡᠭᠯᠡᠬᠦ ᠦᠭᠡᠢ ᠪᠠᠶᠢᠬᠤ ᠶᠢ ᠰᠠᠨᠠᠭᠠᠴᠢᠯᠠᠨ᠎ᠠ᠃ ᠡᠷᠬᠡᠪᠰᠢ ᠪᠦᠷᠬᠦᠪᠴᠢ ᠭᠡᠷᠡᠭᠯᠡᠬᠦ ᠴᠢᠬᠤᠯᠠᠳᠠᠢ ᠪᠤᠯ᠂  ᠦᠢᠯᠡᠳᠦᠯ   ᠢᠶᠠᠷ ᠰᠠᠶᠢᠨ᠂  ᠬᠤᠷᠢᠶᠠᠵᠤ ᠠᠪᠬᠤ ᠳᠤ ᠲᠦᠬᠦᠮ᠂  ᠵᠤᠵᠠᠭᠠᠯᠢᠭ ᠰᠦᠯᠢᠶᠥᠦ ᠪᠦᠷᠬᠦᠪᠴᠢ ︵  0.015 ᠮᠢᠯᠢᠮᠧᠲᠷ ᠠᠴᠠ ᠲᠡᠭᠡᠭᠰᠢ ᠵᠤᠵᠠᠭᠠᠨ︶ ᠪᠤᠶᠤ  ᠠᠮᠠᠷᠬᠠᠨ ᠠᠭᠤᠰᠴᠤ ᠵᠠᠳᠠᠷᠠᠬᠤ ᠰᠦᠯᠢᠶᠥᠦ  ᠪᠦᠷᠬᠦᠪᠴᠢ ᠬᠡᠷᠡᠭᠯᠡᠬᠦ ᠶᠢ ᠵᠣᠷᠢᠭᠵᠢᠭᠤᠯᠤᠨ᠎ᠠ᠃    ᠬᠤᠶᠠᠷ ᠲᠤ᠂ ᠪᠠᠷᠢᠮᠵᠢᠶᠠᠲᠤ ᠰᠦᠯᠢᠶᠥᠦ ᠪᠦᠷᠬᠦᠪᠴᠢ ᠶᠢ ᠠᠪᠴᠤ ᠭᠡᠷᠡᠭᠯᠡᠨ᠎ᠡ᠃ ︽ᠪᠥᠭᠡᠭᠡᠨᠡᠷᠡᠯ ᠡᠲ᠋ᠧᠨ ᠤ  ᠪᠦᠳᠦᠴᠡᠳᠦ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ︾ ︵GB13735-2017︶ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠳᠤ᠂ ᠵᠤᠵᠠᠭᠠᠨ ᠤ ᠬᠡᠮᠵᠢᠶ᠎ᠡ ᠨᠢ 0.01 ᠮᠢᠯᠢᠮᠧᠲᠷ ᠠᠴᠠ ᠳᠣᠣᠷ᠎ᠠ ᠰᠦᠯᠢᠶᠥᠦ ᠪᠦᠷᠬᠦᠪᠴᠢ ᠶᠢ ᠬᠢᠷᠢ ᠲᠡᠩᠴᠡᠬᠦ ᠦᠭᠡᠢ ᠦᠢᠯᠡᠳᠬᠦᠨ ᠭᠡᠵᠦ  ᠲᠤᠭᠳᠠᠭᠠᠭᠰᠠᠨ ᠪᠠᠶᠢᠳᠠᠭ᠃ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ ᠳᠠᠭᠠᠨ ᠵᠢᠩᠬᠢᠨᠢ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠭᠠᠵᠠᠷ ᠲᠤ ᠬᠦᠷᠴᠦ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠢ ᠨᠢ ᠪᠠᠶᠢᠴᠠᠭᠠᠨ ᠦᠵᠡᠬᠦ  ᠶᠢᠨ ᠬᠠᠮᠳᠤ  ᠂  ᠪᠤᠷᠤᠯᠠᠭᠤᠯᠭ᠎ᠠ ᠶᠢᠨ ᠭᠡᠷᠡᠴᠢ ᠪᠠᠷᠢᠮᠲᠠ ᠠᠪᠬᠤ ᠬᠡᠷᠡᠭᠲᠡᠢ᠃  ︽ ᠭᠤᠷᠪᠠ ᠦᠭᠡᠢ︾ ᠪᠦᠲᠦᠭᠡᠭᠳᠡᠬᠦᠨ ᠢ ᠶᠠᠭᠠᠬᠢᠭᠰᠠᠨ ᠴᠤ ᠬᠤᠳᠠᠯᠳᠤᠨ ᠠᠪᠴᠤ ᠪᠣᠯᠬᠤ ᠦᠭᠡᠢ᠂ ᠤᠯᠤᠰ ᠠᠴᠠ ᠲᠣᠳᠣᠷᠬᠠᠢ  ᠴᠠᠭᠠᠵᠠᠯᠠᠭᠰᠠᠨ ᠬᠡᠳᠦ ᠨᠢᠮᠭᠡᠨ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ ᠠᠴᠠ ᠭᠡᠷᠰᠡᠦᠯᠡᠵᠦ᠂ ᠠᠵᠤ ᠠᠬᠤᠢ ᠶᠢᠨ ᠬᠤᠬᠢᠷᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃    ᠭᠤᠷᠪᠠ ᠳᠤ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠴᠠᠭ ᠲᠤᠬᠠᠢ ᠳᠤᠨᠢ ᠬᠤᠷᠢᠶᠠᠨ ᠠᠪᠤᠨ᠎ᠠ᠃ ᠡᠩ ᠤᠨ ᠰᠦᠯᠢᠶᠤᠤ ᠪᠦᠷᠬᠦᠪᠴᠢ ︵PE ᠪᠦᠷᠬᠦᠪᠴᠢ︶   ᠨᠢ ᠪᠠᠶᠢᠭᠠᠯᠢ ᠶᠢᠨ ᠨᠥᠬᠦᠴᠡᠯ ᠳᠣᠣᠷ᠎ᠠ ᠠᠭᠤᠰᠴᠤ ᠵᠠᠳᠠᠷᠠᠬᠤ ᠳᠤ ᠮᠠᠰᠢ ᠬᠦᠴᠢᠷ ᠪᠠᠶᠢᠵᠤ᠂  ᠬᠥᠷᠥᠰᠥᠨ ᠤ ᠪᠦᠲᠦᠴᠡ ᠶᠢ ᠡᠪᠳᠡᠨ᠂  ᠬᠥᠷᠥᠰᠥᠨ ᠤ ᠪᠣᠬᠢᠷᠲᠤᠯ ᠢ ᠶᠡᠬᠡᠰᠭᠡᠵᠦ᠂ ᠲᠠᠷᠢᠮᠠᠯ ᠤᠨ ᠤᠷᠭᠤᠯᠲᠠ ᠶᠢ ᠨᠥᠯᠥᠭᠡᠯᠡᠨ  ᠂ ᠤᠨᠠᠯᠲᠠ ᠭᠠᠷᠤᠯᠳᠠ ᠪᠠ ᠶᠠᠰᠤ ᠴᠢᠨᠠᠷ ᠢ ᠪᠠᠭᠤᠷᠠᠭᠤᠯᠬᠤ ᠪᠠᠷ ᠪᠠᠷᠠᠬᠤ ᠦᠬᠡᠢ᠂ ᠮᠠᠯ ᠤᠨᠤᠭ᠎ᠠ ᠶᠢ ᠴᠤ ᠬᠤᠤᠷᠳᠠᠭᠤᠯᠳᠠᠭ᠃ ᠡᠶᠢᠮᠦ ᠠᠴᠠ ᠣᠯᠠᠨ ᠢᠶᠠᠷ ᠢᠶᠠᠨ ᠲᠠᠷᠢᠶᠠᠨ ᠭᠠᠵᠠᠷ ᠤᠨ ᠢᠶᠠᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠴᠠᠭ ᠲᠤᠬᠠᠢ ᠳᠤᠨᠢ ᠲᠡᠭᠦᠵᠦ ᠴᠡᠪᠡᠷᠯᠡᠨ᠂  ᠲᠤᠬᠠᠢ ᠶᠢᠨ ᠭᠠᠵᠠᠷ ᠤᠨ ᠢᠶᠠᠨ  ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠬᠤ ᠭᠠᠵᠠᠷ ᠲᠤ ᠬᠦᠷᠭᠡᠵᠦ ᠰᠢᠢᠳᠪᠦᠷᠢᠯᠡᠬᠦ ᠬᠡᠷᠡᠭᠲᠡᠢ᠃    ᠳᠥᠷᠪᠡ ᠳᠤ᠂  ᠲᠦᠷᠢᠮ ᠲᠣᠭᠲᠠᠭᠠᠯ ᠢ ᠵᠥᠷᠢᠴᠡᠪᠡᠯ ᠴᠢᠩᠭ᠎ᠠ ᠵᠠᠯᠬᠠᠭᠠᠨ ᠰᠢᠳᠭᠡᠨ᠎ᠡ᠃ ︽ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢᠨ ᠬᠠᠮᠢᠶᠠᠷᠤᠯᠲᠠ ᠶᠢᠨ ᠠᠷᠭ᠎ᠠ︾ ᠪᠠ ︽ᠬᠠᠭᠤᠴᠢᠨ ᠬᠠᠶᠠᠭᠳᠠᠮᠠᠯ ᠰᠦᠯᠢᠶᠥᠦ ᠪᠦᠷᠬᠦᠪᠴᠢ   ᠶᠢ ᠬᠤᠷᠢᠶᠠᠨ ᠠᠪᠬᠤ ᠠᠷᠪᠠᠨ ᠵᠤᠷᠪᠤᠰ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠵᠠᠷᠯᠠᠯ︾  ᠵᠡᠷᠭᠡ ᠬᠠᠤᠯᠢ ᠲᠦᠷᠢᠮ ᠢ ᠦᠨᠳᠦᠰᠦᠯᠡᠵᠦ ᠂ ︽ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠪᠴᠢ ᠶᠢ ᠳᠤᠷ᠎ᠠ ᠪᠠᠷ ᠢᠶᠠᠨ  ᠬᠠᠶᠠᠬᠤ᠂  ᠪᠤᠯᠠᠬᠤ ᠪᠤᠶᠤ   ᠰᠢᠳᠠᠭᠠᠭᠰᠠᠨ ᠪᠤᠯ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠲᠤᠷᠤᠭᠰᠢ ᠵᠣᠭᠤᠰ ᠮᠦᠩᠬᠦ ᠪᠠᠷ ᠲᠤᠷᠭᠠᠵᠤ ᠰᠢᠳᠬᠡᠨ᠎ᠡ᠂  ᠬᠠᠤᠯᠢ ᠲᠦᠷᠢᠮ ᠵᠦᠷᠢᠴᠡᠭᠰᠡᠳ ᠨᠢ ᠭᠡᠷᠪᠡ ᠬᠤᠪᠢ ᠬᠥᠮᠥᠨ ᠪᠤᠯ᠂ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠲᠤᠷᠤᠭᠰᠢ ᠵᠣᠭᠤᠰ  ᠮᠦᠩᠬᠦ ᠪᠠᠷ ᠲᠤᠷᠭᠠᠵᠤ ᠰᠢᠳᠬᠡᠨ᠎ᠡ︾  ᠃ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠲᠦᠷᠢᠮ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠤᠷᠢᠶᠠᠨ ᠠᠪᠬᠤ ᠦᠭᠡᠢ ᠪᠣᠯ ᠬᠠᠤᠯᠢ  ᠵᠥᠷᠢᠴᠡᠭᠰᠡᠨ ᠠᠵᠢᠯᠯᠠᠭ᠎ᠠ ᠳᠤ ᠲᠤᠭᠠᠴᠠᠭᠳᠠᠨ᠎ᠠ᠃ ᠤᠯᠡᠠ ᠢᠶᠠᠷ ᠢᠶᠠᠨ ᠬᠠᠤᠯᠢ ᠲᠦᠷᠢᠮ ᠢ ᠴᠢᠩᠭ᠎ᠠ ᠰᠠᠬᠢᠬᠤ ᠶᠢᠨ ᠬᠠᠮᠳᠤ ᠪᠠᠰᠠ ᠬᠠᠤᠯᠢ ᠲᠦᠷᠢᠮ ᠵᠥᠷᠢᠴᠡᠭᠰᠡᠨ ᠦᠢᠯᠡ ᠠᠵᠢᠯᠯᠠᠭ᠎ᠠ ᠳᠤ ᠢᠳᠡᠪᠬᠢᠲᠡᠢ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠢ᠃    ᠲᠠᠪᠤ ᠳᠤ᠂ ᠬᠠᠷᠢᠶ᠎ᠠ ᠤᠷᠤᠨ ᠢᠶᠠᠨ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ  ᠪᠣᠳᠠᠲᠠᠶᠢᠵᠢᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠭᠡᠷ᠎ᠡ ᠲᠣᠭᠲᠠᠬᠤ᠂  ᠠᠮᠠᠯᠳᠠᠨ ᠪᠠᠳᠤᠯᠠᠬᠤ᠂ ︽ᠬᠠᠷ᠎ᠠ ᠲᠠᠩᠰᠠ︾ ᠳᠤ ᠣᠷᠣᠭᠤᠯᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠤ᠂ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠨ ᠠᠪᠴᠤ ᠰᠢᠢᠳᠪᠦᠷᠢᠯᠡᠬᠦ ᠬᠡᠷᠡᠭᠲᠡᠢ᠃      ᠤᠶᠢᠯᠠᠭᠠᠨ ᠲᠡᠮᠵᠢᠭᠰᠡᠨ ᠲᠠ ᠪᠦᠬᠦᠨ ᠳᠤ ᠲᠠᠯᠠᠷᠬᠠᠵᠤ ᠪᠠᠶᠢᠨ᠎ᠠ᠃                                             ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ                         ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ                                 2023 ᠣᠨ ᠤ 10 ᠰᠠᠷ᠎ᠠ ᠶᠢᠨ 14 ᠤ ᠡᠳᠦᠷ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号