︽ᠥᠩᠭᠡᠷᠡᠭᠰᠡᠨ ᠳᠤ ᠬᠠᠭᠤᠴᠢᠨ ᠮᠠᠶ᠋ᠢᠭ ᠤᠨ ᠵᠠᠳᠠᠭᠠᠢ ᠵᠣᠷᠯᠣᠩ ᠨᠢ ᠭᠡᠷᠡᠭᠯᠡᠬᠦ ᠳᠤ ᠰᠠᠯᠠᠩ ᠮᠥᠷᠲᠡᠭᠡᠨ ᠳᠥᠭᠦᠮ | ᠪᠤᠰᠤ ᠪᠠᠶᠢᠵᠠᠢ᠂ ᠢᠯᠠᠩᠭᠤᠶ᠎ᠠ ᠵᠤᠨ ᠤ ᠤᠯᠠᠷᠢᠯ ᠪᠣᠯᠬᠤ ᠳᠤ ᠦᠮᠡᠬᠡᠢ ᠦᠨᠦᠷ ᠭᠠᠷᠴᠤ ᠢᠯᠠᠭ᠎ᠠ ᠪᠠᠳᠠᠭᠠᠨ᠎ᠠ | ᠠᠪᠠᠭᠠᠷᠠᠯᠳᠤᠭᠠᠳ ᠲᠤᠩ ᠮᠠᠭᠤᠬᠠᠢ ᠁ ᠁︾ ︽ᠵᠠᠰᠠᠭ ᠤᠨ ᠣᠷᠳᠣᠨ ᠠᠴᠠ ᠪᠢᠳᠡᠨ ᠢ ᠬᠠᠪᠰᠤᠷᠴᠤ | ᠵᠣᠷᠯᠣᠩ ᠤᠨ ᠦᠬᠡᠷᠡᠴᠢᠯᠡᠯᠳᠡ ᠬᠢᠭᠰᠡᠨ ᠤ ᠲᠠᠷᠠᠭ᠎ᠠ ᠣᠷᠴᠢᠨ ᠲᠣᠭᠤᠷᠢᠨ ᠠᠷᠢᠭᠤᠨ ᠴᠡᠪᠡᠷ ᠪᠤᠯᠵᠤ᠂ ᠠᠵᠤ | ᠠᠮᠢᠳᠤᠷᠠᠯ ᠳᠤ ᠴᠤ ᠶᠡᠭᠡᠭᠡᠨ ᠲᠦᠬᠦᠮ ᠦᠵᠡᠬᠦᠯᠵᠡᠢ᠂᠂᠂᠂᠂᠂︾ ᠭᠡᠵᠦ ᠶᠦᠩ ᠹᠧᠩ ᠪᠠᠯᠭᠠᠰᠤᠨ ᠤ ᠲᠧᠦ ᡁᠢ | ᠵᠢᠶᠠᠨ ᠲᠣᠰᠬᠤᠨ ᠤ ᠬᠢᠨ ᠵᠣᠷᠯᠣᠩ ᠤᠨ ᠦᠬᠡᠷᠡᠴᠢᠯᠡᠯᠳᠡ ᠶᠢᠨ ᠡᠮᠦᠨ᠎ᠡ ᠬᠤᠶᠢᠨᠠᠬᠢ ᠦᠯᠢᠭᠡᠷ ᠢ ᠶᠠᠷᠢᠵᠠᠭᠠᠨ᠎ᠠ᠃ | ᠵᠣᠷᠯᠣᠩ ᠪᠣᠯ ᠪᠣᠯᠪᠠᠰᠤᠨ ᠤ ᠳᠠᠪᠰᠢᠯᠲᠠ ᠶᠢᠨ ᠬᠡᠮᠵᠢᠭᠦᠷ ᠂ ᠠᠮᠢᠳᠤᠷᠠᠯ ᠤᠨ ᠰᠠᠶᠢᠵᠢᠷᠠᠯᠳᠠ ᠶᠢᠨ ᠢᠯᠡᠷᠡᠯ | ᠮᠥᠨ᠃ ᠵᠣᠷᠯᠣᠩ ᠤᠨ ᠦᠬᠡᠷᠡᠴᠢᠯᠡᠯᠳᠡ ᠪᠣᠯ ᠨᠢᠭᠡ ᠲᠦᠷᠦᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ | ᠢᠨᠵᠧᠨᠧᠷᠢᠩ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ | ᠠᠵᠢᠯ ᠤᠨ ᠴᠢᠬᠤᠯᠠ ᠠᠭᠤᠯᠭ᠎ᠠ ᠪᠠᠶᠢᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠶᠢᠯ | ᠬᠤᠳᠠᠨ ᠤ ᠳᠦᠷᠰᠦ ᠪᠠᠶᠢᠳᠠᠯ ᠢ ᠭᠤᠶᠤᠵᠢᠭᠤᠯᠬᠤ᠂ ᠤᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ | ᠠᠮᠢᠳᠤᠷᠠᠯ ᠤᠨ ᠴᠢᠨᠠᠷ ᠴᠢᠨᠰᠠᠭ᠎ᠠ ᠲᠠᠢ ᠰᠢᠭᠤᠳ ᠬᠤᠯᠪᠣᠭᠳᠠᠨ᠎ᠠ᠃ ᠵᠣᠷᠯᠣᠩ ᠤᠨ ᠥᠭᠡᠷᠡᠴᠢᠯᠡᠯᠲᠡ ᠶᠢᠨ | ᠬᠦᠨᠵᠡᠬᠡᠶᠢᠷᠡᠵᠦ ᠠᠬᠢᠬᠤ ᠶᠢ ᠲᠠᠭᠠᠯᠳᠤᠭᠠᠳ᠂ ᠬᠦᠳᠡᠭᠡ ᠲᠤᠰᠬᠤᠨ ᠳᠤ ᠲᠥᠬᠦᠭᠡᠷᠦᠮᠵᠢ ᠪᠦᠷᠢᠨ᠂ ᠴᠢᠳᠠᠮᠵᠢ | ᠪᠦᠷᠢᠨ ᠰᠢᠨ᠎ᠡ ᠮᠠᠶ᠋ᠢᠭ ᠤᠨ ᠵᠣᠷᠯᠣᠩ ᠶᠠᠪᠤᠬᠤ ᠲᠤᠲᠤᠮ ᠤᠯᠠᠰᠢᠷᠠᠵᠤ ᠪᠠᠶᠢᠭ᠎ᠠ ᠨᠢ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ︽ ᠦᠩᠭᠡ ᠦᠵᠡᠮᠵᠢ︾ ᠪᠣᠯᠵᠤ ᠡᠬᠢᠯᠡᠵᠡᠢ᠃ | ᠲᠠᠷᠢᠶᠠᠴᠢᠨ ᠵᠠᠩ ᠵᠢᠶᠠᠨ ᠮᠧᠶ᠄ ︽ᠲᠥᠷᠥ ᠶᠢᠨ ᠪᠣᠳᠣᠯᠭ᠎ᠠ ᠦᠨᠡᠭᠡᠷ ᠰᠠᠶᠢᠨ ᠪᠠᠶᠢᠨ᠎ᠠ᠂ ᠪᠢᠳᠡ ᠬᠤᠳᠠ ᠶᠢᠨ | ᠬᠦᠮᠦᠰ ᠲᠠᠢ ᠠᠳᠠᠯᠢ ᠪᠠᠷ ᠤᠰᠤᠨ ᠵᠠᠶᠢᠯᠠᠭᠤᠷᠳᠤ ᠵᠣᠷᠯᠣᠩ ᠭᠡᠷᠡᠭᠯᠡᠵᠦ ᠡᠬᠢᠯᠡᠯ᠎ᠡ᠂ ᠥᠩᠭᠡᠷᠡᠭᠰᠡᠨ ᠤ ᠵᠠᠳᠠᠭᠠᠢ | ᠵᠣᠷᠯᠣᠩ ᠨᠢ ᠭᠡᠷ ᠠᠴᠠ ᠬᠤᠯᠠ ᠮᠥᠷᠲᠡᠭᠡᠨ ᠴᠡᠪᠡᠷ ᠪᠤᠰᠤ ᠪᠠᠶᠢᠳᠠᠭ ᠃ ᠲᠦᠷᠦ ᠶᠢᠨ ᠪᠤᠳᠤᠯᠭ᠎ᠠ ᠶᠢᠨ ᠰᠠᠶᠢᠨ | ᠢᠶᠠᠷ ᠮᠠᠨᠠᠶᠢᠬᠢᠨ ᠦᠪᠡᠷᠳᠡᠭᠡᠨ 500 ᠲᠥᠭᠦᠷᠢᠭ ᠭᠠᠷᠭᠠᠵᠤ᠂ ᠳᠡᠭᠡᠳᠦ ᠱᠠᠲᠤᠨ ᠠᠴᠠ 7000 ᠲᠥᠭᠦᠷᠢᠭ ᠤᠨ | ᠨᠥᠬᠦᠪᠦᠷᠢ ᠤᠯᠭᠤᠭᠠᠳ ᠭᠡᠷ ᠲᠡᠭᠡᠨ ᠡᠨᠡ ᠤᠰᠤᠨ ᠵᠠᠶᠢᠯᠠᠭᠤᠷᠳᠤ ᠵᠣᠷᠯᠣᠩ ᠢ ᠪᠠᠶᠢᠭᠤᠯᠵᠠᠢ ᠃ ᠡᠨᠡ | ᠬᠤᠭᠤᠴᠠᠭᠠᠨ ᠳᠤ ᠪᠠᠯᠭᠠᠰᠤ ᠲᠤᠰᠬᠤᠨ ᠤ ᠺᠠᠳ᠋ᠷᠴᠤᠳ ᠤᠯᠠᠨ ᠤᠳᠠᠭ᠎ᠠ ᠭᠡᠷ ᠲᠤ ᠢᠷᠡᠵᠦ ᠪᠠᠷᠢᠯᠭ᠎ᠠ ᠶᠢᠨ ᠠᠵᠢᠯ | ᠢ ᠵᠢᠯᠤᠭᠤᠳᠤᠨ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠪᠠᠶᠢᠨ᠎ᠠ᠃ ᠡᠶᠢᠮᠦ ᠵᠣᠷᠯᠣᠩ ᠨᠢ ᠬᠡᠷᠡᠭᠯᠡᠬᠦ ᠳᠤ | ᠳᠥᠭᠦᠮ ᠮᠥᠷᠲᠡᠭᠡᠨ ᠴᠡᠪᠡᠷᠬᠡᠨ᠂ ᠪᠢᠳᠡ ᠪᠦᠬᠦᠨ ᠮᠠᠰᠢ ᠬᠠᠨᠤᠮᠵᠢᠳᠠᠢ︾ ᠃ | ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠬᠢᠨ ᠵᠣᠷᠯᠣᠩ ᠤᠨ ᠦᠬᠡᠷᠡᠴᠢᠯᠡᠯᠳᠡ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠬᠢᠭᠤᠯᠬᠤ᠂ ᠣᠯᠠᠨ ᠲᠦᠮᠡᠨ ᠣᠷᠣᠯᠴᠠᠬᠤ᠂ ︽ | ᠭᠠᠵᠠᠷ ᠣᠷᠣᠨ ᠤ ᠪᠠᠶᠢᠳᠠᠯ ᠠᠶᠢᠯ ᠡᠷᠦᠬᠡ ᠶᠢᠨ ᠪᠠᠶᠢᠳᠠᠯ ᠳᠤᠨᠢ ᠲᠤᠬᠢᠷᠠᠭᠤᠯᠵᠤ ᠲᠥᠷᠥ ᠶᠢᠨ ᠪᠣᠳᠣᠯᠭ᠎ᠠ | ᠬᠡᠷᠡᠭᠵᠢᠭᠦᠯᠬᠦ︾ ᠵᠠᠷᠴᠢᠮ ᠢ ᠪᠠᠷᠢᠮᠲᠠᠯᠠᠨ᠂ ︽ᠤᠷᠢᠳᠠᠪᠠᠷ ᠲᠤᠷᠰᠢᠯᠲᠠ ᠬᠢᠵᠦ᠂ ᠲᠠᠷᠠᠭ᠎ᠠ ᠨᠢ ᠲᠠᠶᠢᠴᠢᠯᠠᠨ | ᠲᠦᠭᠡᠮᠡᠯᠵᠢᠬᠦᠯᠬᠦ︾ ᠠᠷᠭ᠎ᠠ ᠮᠠᠶ᠋ᠢᠭ ᠢ ᠠᠪᠴᠤ᠂ ᠵᠣᠷᠯᠣᠩ ᠤᠨ ᠥᠭᠡᠷᠡᠴᠢᠯᠡᠯᠲᠡ ᠶᠢᠨ ᠠᠵᠢᠯ ᠢ ᠥᠨᠳᠥᠷ | ᠪᠦᠲᠦᠮᠵᠢᠲᠡᠶ᠂ ᠯᠠᠪᠳᠠᠭᠤᠨ ᠪᠠᠳᠤᠳᠠᠢ ᠪᠠᠷ ᠠᠬᠢᠭᠤᠯᠵᠤ ᠢᠷᠡᠭᠰᠡᠨ ᠪᠠᠶᠢᠨ᠎ᠠ᠃ | ᠶᠦᠩ ᠹᠧᠩ ᠪᠠᠯᠭᠠᠰᠤᠨ ᠤ ᠳᠠᠷᠤᠭ᠎ᠠ ᠸᠠᠩ ᠵᠢᠶᠦ᠋ᠨ ᠱᠧᠩ᠄ ︽ᠮᠠᠨ ᠤ ᠪᠠᠯᠭᠠᠰᠤ ᠨᠢ ᠵᠣᠷᠯᠣᠩ ᠤᠨ | ᠦᠬᠡᠷᠡᠴᠢᠯᠡᠯᠳᠡ ᠶᠢᠨ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠵᠢᠯ ᠤᠨ ᠨᠢᠬᠡ | ᠪᠤᠯᠭᠠᠵᠤ ᠂ ᠬᠤᠰᠢᠭᠤᠨ ᠤ ᠪᠠᠶᠢᠷᠢᠯᠠᠭᠤᠯᠤᠯᠲᠠ ᠶᠣᠰᠣᠭᠠᠷ᠂ ᠠᠰᠠᠭᠤᠳᠠᠯ ᠲᠠᠢ ᠵᠣᠷᠯᠣᠩ ᠢ ᠴᠡᠭᠴᠡᠯᠡᠨ | ᠰᠠᠶᠢᠵᠢᠷᠠᠭᠤᠯᠬᠤ ᠂ ᠵᠣᠷᠯᠣᠩ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ᠂ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠳᠠ ᠶᠢᠨ ᠲᠣᠭᠲᠠᠴᠠ ᠶᠢ ᠪᠠᠶᠢᠭᠤᠯᠬᠤ ᠭᠤᠷᠪᠠᠨ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ ᠪᠠᠶᠢᠭᠠᠳ᠂ ᠬᠥᠳᠡᠭᠡ ᠲᠣᠰᠬᠤᠨ ᠤ ᠵᠣᠷᠯᠣᠩ ᠤᠨ ᠦᠬᠡᠷᠡᠴᠢᠯᠡᠯᠳᠡ ᠶᠢᠨ ᠠᠵᠢᠯ ᠢ ᠯᠠᠪᠳᠠᠭᠤᠨ ᠢᠶᠠᠷ | ᠠᠬᠢᠭᠤᠯᠵᠤ᠂ ᠪᠥᠬᠦ ᠪᠠᠯᠭᠠᠰᠤᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ | ᠲᠣᠭᠲᠠᠭᠤᠨ ᠢᠶᠠᠷ ᠳᠡᠭᠡᠭᠰᠢᠯᠡᠭᠦᠯᠦᠨ᠂ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠢᠯᠡᠳᠲᠡ | ᠰᠠᠶᠢᠵᠢᠷᠠᠭᠤᠯᠵᠠᠢ︾᠃ | ᠣᠶᠢᠯᠠᠭᠠᠭᠰᠠᠨ ᠢᠶᠠᠷ᠂ ︽ᠵᠣᠷᠯᠣᠩ ᠤᠨ ᠦᠬᠡᠷᠡᠴᠢᠯᠡᠯᠳᠡ︾ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ | ᠲᠠᠶᠢᠹᠤᠰᠧ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ 4476 ᠡᠷᠦᠬᠡ ᠠᠷᠢᠭᠤᠨ ᠴᠡᠪᠡᠷ ᠭᠡᠷ ᠤᠨ | ᠵᠤᠷᠯᠤᠩ ᠢ ᠪᠠᠶᠢᠭᠤᠯᠵᠤ ᠭᠡᠷᠡᠭᠯᠡᠭᠡᠳ᠂ ᠬᠠᠨᠤᠮᠵᠢ ᠶᠢᠨ ᠬᠡᠮᠵᠢᠶ᠎ᠡ ᠪᠠ ᠬᠡᠷᠡᠭᠯᠡᠯᠲᠡ ᠶᠢᠨ ᠨᠣᠷᠮ᠎ᠠ ᠨᠢ ᠴᠥᠮ 95% | ᠶᠢ ᠲᠠᠪᠠᠵᠠᠢ᠃ 2023 ᠣᠨ ᠳᠤ ᠪᠠᠰᠠ 237 ᠡᠷᠦᠬᠡ ᠵᠣᠷᠯᠣᠩ ᠤᠨ ᠦᠬᠡᠷᠡᠴᠢᠯᠡᠯᠳᠡ ᠬᠢᠵᠦ ᠭᠡᠷᠡᠭᠯᠡᠭᠡᠳ᠂ | ᠡᠨᠡ ᠨᠢ 4 ᠰᠤᠮᠤ ᠰᠢᠶᠠᠩ ᠪᠠᠯᠭᠠᠰᠤ 11 ᠭᠠᠴᠠᠭ᠎ᠠ ᠲᠣᠰᠬᠤᠨ ᠳᠤ ᠬᠤᠯᠪᠤᠭᠳᠠᠭᠰᠠᠨ ᠪᠠᠶᠢᠨ᠎ᠠ᠃ |