︽ᠲᠠᠯ᠎ᠠ ᠨᠤᠳᠤᠭ︾ ᠠᠷᠢᠬᠢ ᠨᠡᠷᠡᠬᠦ ᠮᠡᠷᠭᠡᠵᠢᠯ ᠪᠤᠯ ᠲᠠᠶᠢᠹᠤᠰᠧ ᠬᠤᠰᠢᠭᠤᠨ ᠤ ᠨᠢᠬᠡ ᠵᠦᠢᠯ ᠤᠨ | ᠤᠯᠠᠮᠵᠢᠯᠠᠯᠳᠤ ᠦᠢᠯᠡᠳᠪᠦᠷᠢᠯᠡᠯ ᠤᠨ ᠮᠡᠷᠭᠡᠵᠢᠯ ᠪᠠᠶᠢᠵᠤ᠂ ᠲᠤᠰ ᠬᠤᠰᠢᠭᠤᠨ ᠤ ᠠᠷᠢᠬᠢ ᠨᠡᠷᠡᠬᠦ ᠮᠡᠷᠭᠡᠵᠢᠯ ᠤᠨ | ᠲᠠᠭᠠᠭᠤᠯᠤᠭᠴᠢ ᠪᠤᠯᠬᠤ ᠶᠤᠮ᠃ ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠶᠢᠨ ᠦᠢᠯᠡᠳᠪᠦᠷᠢᠯᠡᠯ 1949 | ᠤᠨ ᠠᠴᠠ ᠡᠬᠢᠯᠡᠵᠡᠢ᠃ ᠲᠡᠦᠬᠡᠨ ᠮᠠᠲ᠋ᠧᠷᠢᠶᠠᠯ ᠢ ᠦᠨᠳᠦᠰᠦᠯᠡᠪᠡᠯ᠂ ᠡᠨᠡᠬᠦ ᠠᠷᠢᠬᠢ ᠨᠡᠷᠡᠬᠦ ᠮᠡᠷᠭᠡᠵᠢᠯ ᠨᠢ 300 ᠵᠢᠯ | ᠤᠨ ᠡᠮᠦᠨᠡᠬᠢ ᠮᠠᠨᠵᠤ ᠴᠢᠩ ᠤᠨ ᠦᠶ᠎ᠡ ᠠᠴᠠ ᠢᠷᠡᠯᠳᠡ ᠲᠠᠢ ᠭᠡᠳᠡᠭ᠃ ᠲᠤᠬᠠᠢ ᠶᠢᠨ ᠦᠶ᠎ᠡ ᠳᠤ ᠬᠠᠭᠠᠨ ᠤ | ᠠᠳᠤᠭᠤ ᠮᠠᠯᠵᠢᠬᠤ ᠲᠠᠯᠠᠪᠠᠢ ᠪᠠᠶᠢᠭᠰᠠᠨ ᠡᠨᠡ ᠨᠤᠳᠤᠭ ᠲᠤ ᠠᠷᠢᠬᠢ ᠨᠡᠷᠡᠬᠦ ᠮᠡᠷᠭᠡᠵᠢᠯ ᠲᠡᠯᠭᠡᠷᠡᠵᠦ ᠪᠠᠶᠢᠭᠰᠠᠨ | ᠬᠡᠨ᠎ᠡ᠃ 1949 ᠤᠨ ᠳᠤ ᠠᠷᠠᠳ ᠤᠨ ᠵᠠᠰᠠᠭ ᠪᠠᠶᠢᠭᠤᠯᠤᠭᠳᠠᠭᠰᠠᠨ ᠤ ᠲᠠᠷᠠᠭ᠎ᠠ᠂ ᠠᠳᠡᠬᠢ 8 ᠡᠷᠦᠬᠡ ᠠᠷᠢᠬᠢ | ᠨᠡᠷᠡᠬᠦ ᠬᠤᠪᠢ ᠶᠢᠨ ᠦᠢᠯᠡᠳᠪᠦᠷᠢ ᠶᠢ ᠨᠢᠬᠡᠳᠭᠡᠵᠦ᠂ ᠪᠤᠤ ᠶᠤᠸᠠᠨ ᠰᠢᠶᠠᠨ ᠤ ᠤᠯᠤᠰ ᠠᠴᠠ ᠡᠵᠡᠩᠨᠡᠭᠰᠡᠨ ᠠᠷᠢᠬᠢ | ᠨᠡᠷᠡᠬᠦ ᠦᠢᠯᠡᠳᠪᠦᠷᠢ ᠪᠤᠯᠭᠠᠨ ᠪᠠᠶᠢᠭᠤᠯᠤᠭᠠᠳ᠂ ᠰᠡᠬᠦᠯᠡᠷ ᠨᠢ ᠪᠤᠤᠴᠠᠩ ᠤᠨ ᠤᠯᠤᠰ ᠠᠴᠠ ᠡᠵᠡᠩᠨᠡᠭᠰᠡᠨ ᠠᠷᠢᠬᠢ | ᠨᠡᠷᠡᠬᠦ ᠦᠢᠯᠡᠳᠪᠦᠷᠢ ᠬᠡᠮᠡᠨ ᠦᠬᠡᠷᠡᠴᠢᠯᠡᠵᠡᠢ᠃ 1998 ᠤᠨ ᠳᠤ ᠠᠵᠤ ᠠᠬᠤᠶᠢᠯᠠᠯ ᠤᠨ ᠦᠬᠡᠷᠡᠴᠢᠯᠡᠯᠳᠡ ᠶᠢᠨ | ᠲᠦᠷᠢᠮ ᠢ ᠭᠡᠷᠡᠭᠵᠢᠬᠦᠯᠬᠦ ᠪᠠᠷ ᠲᠠᠮᠵᠢᠭᠠᠳ᠂ ᠤᠤᠯ ᠦᠢᠯᠡᠳᠪᠦᠷᠢ ᠶᠢ ᠦᠪᠦᠷ ᠮᠤᠩᠭᠤᠯ ᠤᠨ ᠲᠠᠶᠢᠹᠤᠰᠧ | ᠬᠤᠰᠢᠭᠤᠨ ᠤ ᠲᠠᠯ᠎ᠠ ᠨᠤᠳᠤᠭ ᠠᠷᠢᠬᠢ ᠨᠡᠷᠡᠬᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠤᠯᠭᠠᠨ ᠦᠬᠡᠷᠡᠴᠢᠯᠡᠵᠦ᠂ | ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠶᠢ ᠦᠢᠯᠡᠳᠪᠦᠷᠢᠯᠡᠨ ᠪᠤᠷᠤᠯᠠᠭᠤᠯᠤᠭᠰᠠᠭᠠᠷ ᠡᠳᠦᠭᠡ ᠳᠤ ᠬᠦᠷᠦᠭᠰᠡᠨ | ᠶᠤᠮ᠃ ᠭᠡᠳᠦᠨ ᠵᠠᠭᠤᠨ ᠵᠢᠯ ᠤᠨ ᠦᠬᠡᠷᠡᠴᠢᠯᠡᠯᠳᠡ ᠰᠠᠶᠢᠵᠢᠷᠠᠭᠤᠯᠤᠯᠳᠠ ᠪᠠᠷ ᠲᠠᠮᠵᠢᠭᠠᠳ ᠤᠳᠤ ᠪᠤᠯᠬᠤ ᠳᠤ ︽ | ᠲᠠᠯ᠎ᠠ ᠨᠤᠳᠤᠭ︾ ᠬᠠᠷ᠎ᠠ ᠠᠷᠢᠬᠢ ᠶᠢᠨ ᠨᠡᠷᠡᠳᠦ ᠲᠡᠮᠳᠡᠭ ᠨᠢᠬᠡᠨᠳᠡ ᠲᠦᠯᠦᠪᠰᠢᠨ ᠪᠤᠢ ᠪᠤᠯᠵᠤ᠂ ᠰᠢᠯᠢᠳᠡᠭ | ᠰᠠᠶᠢᠨ ᠠᠮᠳᠠ ᠰᠢᠮ᠎ᠡ ᠪᠠᠷ ᠢᠶᠠᠨ ᠦᠷᠭᠡᠨ ᠤᠯᠠᠨ ᠭᠡᠷᠡᠭᠯᠡᠭᠴᠢᠳ ᠤᠨ ᠦᠨᠡᠯᠡᠯᠳᠡ ᠲᠠᠭᠠᠰᠢᠶᠠᠯ ᠢ ᠤᠯᠵᠤ᠂ 80 | ᠭᠠᠷᠤᠢ ᠲᠦᠷᠦᠯ ᠤᠨ ᠰᠢᠷᠢᠰ ᠪᠦᠳᠦᠭᠡᠭᠳᠡᠬᠦᠨ ᠨᠢ ᠪᠦᠬᠦ ᠤᠯᠤᠰ ᠤᠨ 28 ᠮᠤᠵᠢ ᠤᠷᠤᠨ ᠬᠤᠳᠠ ᠳᠤ | ᠪᠤᠷᠤᠯᠠᠭᠤᠯᠤᠭᠳᠠᠨ᠂ ᠵᠢᠯ ᠤᠨ ᠦᠢᠯᠡᠳᠪᠦᠷᠢᠯᠡᠯ 1000 ᠲᠤᠨ ᠂ ᠪᠤᠷᠤᠯᠠᠭᠤᠯᠤᠯᠭ᠎ᠠ ᠶᠢᠨ ᠤᠷᠤᠯᠭ᠎ᠠ 1.8 | ᠳ᠋ᠦᠩᠰᠢᠭᠤᠷ ᠲᠦᠬᠦᠷᠢᠭ ᠲᠤ ᠬᠦᠷᠴᠦ ᠪᠠᠶᠢᠨ᠎ᠠ᠃ | ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠶᠢ ᠦᠢᠯᠡᠳᠪᠦᠷᠢᠯᠡᠬᠦ ᠳᠤ ᠴᠢᠨᠠᠷ ᠰᠠᠶᠢᠳᠠᠢ ᠰᠢᠰᠢ ᠪᠠ ᠡᠷᠳᠡᠨᠢ | ᠰᠢᠰᠢ ᠶᠢ ᠰᠤᠩᠭᠤᠨ ᠲᠦᠬᠦᠭᠡᠢ ᠮᠠᠲ᠋ᠧᠷᠢᠶᠠᠯ ᠪᠤᠯᠭᠠᠵᠤ᠂ ᠲᠤᠬᠠᠢ ᠶᠢᠨ ᠭᠠᠵᠠᠷ ᠤᠨ ᠢᠶᠠᠨ ᠤᠯᠠᠨ ᠠᠴᠠ ᠲᠠᠪᠠᠭᠤ | ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠢ ᠠᠰᠢᠭᠯᠠᠨ᠂ ᠤᠳᠠᠭᠠᠨ ᠵᠢᠯ ᠤᠯᠠᠮᠵᠢᠯᠠᠵᠤ ᠢᠷᠡᠭᠰᠡᠨ ᠦᠪᠡᠷᠮᠢᠴᠡ | ᠠᠷᠭ᠎ᠠ ᠮᠡᠷᠭᠡᠵᠢᠯ᠂ ᠰᠢᠨᠵᠢᠯᠡᠬᠦ ᠤᠬᠠᠭᠠᠨᠴᠢ ᠨᠠᠶᠢᠷᠠᠯᠭ᠎ᠠ ᠪᠠᠷ ᠨᠡᠷᠡᠵᠦ ᠪᠦᠳᠦᠭᠡᠭᠰᠡᠨ ᠶᠤᠮ᠃ ᠦᠢᠯᠡᠳᠪᠦᠷᠢᠯᠡᠬᠦ | ᠶᠠᠪᠤᠴᠠ ᠶᠢ ᠲᠤᠶᠢᠮᠤᠴᠢᠯᠠᠪᠠᠯ᠂ ᠰᠢᠰᠢ ᠪᠠ ᠡᠷᠳᠡᠨᠢ ᠰᠢᠰᠢ ᠵᠡᠷᠭᠡ ᠠᠮᠤ ᠪᠤᠳᠠᠭ᠎ᠠ ᠪᠠᠨ ᠬᠠᠳᠠᠭ ᠲᠦᠯᠦᠪ ᠢᠶᠠᠷ ᠨᠢ | ᠢᠰᠭᠡᠭᠰᠡᠨ ᠤ ᠲᠠᠷᠠᠭ᠎ᠠ᠂ ᠠᠭᠤᠷᠰᠢᠭᠤᠯᠤᠨ ᠨᠡᠷᠡᠬᠦ ᠠᠷᠭ᠎ᠠ ᠪᠠᠷ ᠲᠡᠬᠦᠨ ᠤ ᠲᠤᠳᠤᠷᠠᠬᠢ ᠡᠲ᠋ᠢᠯ ᠠᠯᠺᠤᠯ ︵ᠰᠫᠢᠷᠲ︶ | ᠂ ᠡᠰᠲ᠋ᠧᠷ ᠮᠡᠳᠦ ᠶᠢᠨ ᠪᠦᠷᠢᠯᠳᠦᠬᠦᠨ ᠢ ᠬᠡᠢ ᠪᠡᠶᠡᠵᠢᠬᠦᠯᠦᠨᠡ᠃ ᠲᠡᠬᠦᠨ ᠢᠶᠠᠨ ᠬᠦᠷᠦᠭᠡᠨ ᠴᠠᠷᠴᠠᠭᠠᠭᠠᠳ᠂ | ᠰᠤᠩᠭᠤᠨ ᠰᠢᠷᠭᠠᠭᠠᠬᠤ ᠠᠷᠭ᠎ᠠ ᠮᠡᠷᠭᠡᠵᠢᠯ ᠢᠶᠠᠷ ᠨᠢᠬᠡ ᠪᠦᠯᠦᠭ ᠨᠡᠷᠡᠮᠡᠯ ᠰᠢᠩᠬᠡᠨ ᠢ ᠢᠯᠭᠠᠨ ᠠᠪᠤᠪᠠᠯ᠂ ᠠᠮᠳᠠ | ᠰᠢᠮ᠎ᠡ ᠲᠠᠢ ᠬᠠᠷ᠎ᠠ ᠠᠷᠢᠬᠢ ᠭᠠᠷᠬᠤ ᠪᠤᠯᠤᠨ᠎ᠠ᠃ ᠲᠡᠭᠡᠬᠦ ᠳᠡᠭᠡᠨ ᠦᠢᠯᠡᠳᠪᠦᠷᠢᠯᠡᠬᠦ ᠠᠷᠭ᠎ᠠ ᠮᠡᠷᠭᠡᠵᠢᠯ ᠤᠨ ᠲᠠᠯ᠎ᠠ | ᠪᠠᠷ ᠲᠤᠶᠢᠯ ᠤᠨ ᠨᠠᠷᠢᠨ ᠨᠢᠬᠳᠠ᠂ ᠲᠤᠰᠬᠠᠢ ᠮᠡᠷᠭᠡᠵᠢᠯ ᠤᠨ ᠴᠢᠨᠠᠷᠳᠠᠢ ᠪᠠᠶᠢᠵᠤ᠂ ᠭᠤᠭᠴᠤᠭ᠎ᠠ ᠨᠢᠬᠡᠪᠦᠷᠢ᠂ | ᠠᠯᠬᠤᠮ ᠨᠢᠬᠡᠪᠦᠷᠢ᠂ ᠤᠨᠴᠠᠭᠠᠶᠢᠯᠠᠨ ᠲᠤᠯᠠᠭᠠᠨ ᠤ ᠬᠡᠮᠵᠢᠶ᠎ᠡ ᠶᠢ ᠡᠵᠡᠮᠳᠡᠬᠦ ᠲᠠᠯᠠᠪᠡᠷ ᠤᠳᠠᠭᠠᠨ ᠵᠢᠯ ᠤᠨ | ᠲᠤᠷᠰᠢᠯᠭ᠎ᠠ ᠬᠤᠷᠠᠮᠳᠤᠭᠤᠯᠤᠮᠠᠨᠵᠢᠨ ᠰᠠᠶ᠋ᠢ ᠰᠢᠯᠢᠳᠡᠭ ᠰᠠᠶᠢᠨ ᠬᠠᠷ᠎ᠠ ᠠᠷᠢᠬᠢ ᠶᠢ ᠨᠡᠷᠡᠵᠦ ᠲᠡᠶᠢᠯᠳᠡᠭ᠃ | ᠭᠡᠴᠢᠨᠡᠨ ᠵᠢᠯ ᠤᠨ ᠲᠤᠷᠰᠢ᠂ ︽ᠲᠠᠯ᠎ᠠ ᠨᠤᠳᠤᠭ︾ ᠬᠠᠷ᠎ᠠ ᠠᠷᠢᠬᠢ ᠨᠢ ᠤᠯᠤᠰ ᠂ ᠤᠷᠤᠨ ᠤ ᠲᠤᠰᠬᠠᠢ | ᠮᠡᠷᠭᠡᠵᠢᠯᠳᠡᠨ ᠤ ᠪᠦᠯᠬᠦᠮ ᠤᠨ ᠰᠢᠯᠭᠠᠨ ᠪᠠᠶᠢᠴᠠᠭᠠᠯᠳᠠ ᠳᠤ ᠦᠨᠳᠦᠷ ᠦᠨᠡᠯᠡᠯᠳᠡ ᠤᠯᠵᠤ᠂ 1979 ᠤᠨ ᠳᠤ | ᠦᠪᠡᠷᠳᠡᠭᠡᠨ ᠵᠠᠰᠠᠬᠤ ᠤᠷᠤᠨ ᠤ ᠲᠦᠷᠦᠬᠦᠦ ᠪᠦᠯᠦᠭ ︽ ᠰᠢᠯᠢᠳᠡᠭ ᠴᠢᠨᠠᠷᠳᠤ ᠪᠦᠳᠦᠭᠡᠭᠳᠡᠬᠦᠨ︾ ᠢᠶᠠᠷ | ᠦᠨᠡᠯᠡᠭᠳᠡᠭᠰᠡᠨ ᠠᠴᠠ ᠠᠪᠤᠭᠠᠳ ᠤᠳᠤ ᠪᠤᠯᠳᠠᠯ᠎ᠠ ᠦᠪᠦᠷ ᠮᠤᠩᠭᠤᠯ ᠤᠷᠤᠨ ᠤ ᠨᠡᠷᠡᠳᠦ ᠲᠠᠸᠠᠷ ᠤᠨ ᠲᠡᠮᠳᠡᠭ ᠂ | ᠨᠡᠷᠡᠳᠦ ᠪᠦᠳᠦᠭᠡᠭᠳᠡᠬᠦᠨ ᠪᠤᠯᠵᠤ᠂ ᠫᠠᠨᠠᠮᠠ ᠳᠤ ᠪᠤᠯᠤᠭᠰᠠᠨ ᠲᠡᠯᠡᠬᠡᠢ ᠶᠢᠨ ᠦᠵᠡᠰᠬᠦᠯᠡᠩ ᠳᠤ ᠠᠯᠳᠠᠨ ᠱᠠᠩᠨᠠᠯ | ᠲᠤᠰᠤᠭᠰᠠᠨ ᠪᠦᠬᠡᠳ ︽ᠲᠠᠯ᠎ᠠ ᠨᠤᠳᠤᠭ︾ ᠠᠷᠢᠬᠢᠨ ᠦᠢᠯᠡᠳᠪᠦᠷᠢ ᠨᠢ ᠦᠪᠦᠷ ᠮᠤᠩᠭᠤᠯ ᠤᠨ ᠲᠦᠷᠦᠬᠦᠦ | ᠪᠦᠯᠦᠭ A ᠲᠡᠰ ᠤᠨ ᠶᠠᠰᠤ ᠴᠢᠨᠠᠷ ᠤᠨ ᠢᠳᠡᠭᠡᠮᠵᠢᠳᠦ ᠠᠵᠤ ᠠᠬᠤᠶᠢᠯᠠᠯ᠂ ᠲᠦᠷᠦᠬᠦᠦ ᠪᠦᠯᠦᠭ ᠬᠠᠭᠤᠴᠢᠨ | ᠨᠡᠷᠡᠮᠵᠢᠳᠦ ᠠᠵᠤ ᠠᠬᠤᠶᠢᠯᠠᠯ ᠪᠤᠯᠵᠤ᠂ ᠪᠦᠬᠦ ᠤᠷᠤᠨ ᠤ ᠭᠡᠷ᠎ᠡ ᠪᠠᠨ ᠰᠠᠬᠢᠭᠰᠠᠨ ᠢᠳᠡᠭᠡᠮᠵᠢᠳᠦ ᠨᠢᠬᠡᠴᠡ ᠵᠡᠷᠭᠡ | ᠪᠠᠷ ᠠᠷᠪᠠᠨ ᠵᠢᠯ ᠲᠠᠷᠠᠭᠠᠯᠠᠨ ᠦᠨᠡᠯᠡᠭᠳᠡᠵᠦ᠂ ᠡᠯ᠎ᠡ ᠲᠦᠷᠦᠯ ᠤᠨ ᠱᠠᠩᠨᠠᠯ ᠬᠦᠬᠢᠬᠦᠯᠦᠯ ᠢ 60 ᠭᠠᠷᠤᠢ ᠤᠳᠠᠭ᠎ᠠ | ᠬᠦᠷᠳᠡᠭᠰᠡᠨ ᠪᠠᠶᠢᠨ᠎ᠠ᠃ ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠨᠢ ᠪᠠᠰᠠ 2006 ᠤᠨ ᠪᠠ 2008 | ᠤᠨ ᠤ ᠪᠦᠬᠦ ᠤᠯᠤᠰ ᠤᠨ ᠪᠦᠳᠦᠭᠡᠭᠳᠡᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠳᠤ ︽ᠰᠢᠯᠢᠳᠡᠭ | ᠪᠦᠳᠦᠭᠡᠭᠳᠡᠬᠦᠨ︾ ᠢᠶᠠᠷ ᠦᠨᠡᠯᠡᠭᠳᠡᠵᠦ᠂ ᠦᠪᠦᠷ ᠮᠤᠩᠭᠤᠯ ᠤᠷᠤᠨ ᠤ ᠠᠷᠢᠬᠢᠨ ᠤ ᠲᠦᠷᠦᠯ ᠤᠨ ᠪᠦᠳᠦᠭᠡᠭᠳᠡᠬᠦᠨ | ᠤ ᠲᠤᠳᠤᠷ᠎ᠠ ᠠᠴᠠ ᠲᠤᠰ ᠢᠷᠠᠭᠤ ᠠᠯᠳᠠᠷ ᠢ ᠬᠦᠷᠳᠡᠭᠰᠡᠨ ᠴᠤᠷ ᠤᠨ ᠭᠠᠭᠴᠠ ᠪᠦᠳᠦᠭᠡᠭᠳᠡᠬᠦᠨ ᠪᠤᠯᠵᠠᠢ᠃ 2015 | ᠤᠨ ᠳᠤ ᠲᠠᠶᠢᠹᠤᠰᠧ ᠬᠤᠰᠢᠭᠤ ︽ᠲᠠᠯ᠎ᠠ ᠨᠤᠳᠤᠭ︾ ᠠᠷᠢᠬᠢ ᠨᠡᠷᠡᠬᠦ ᠮᠡᠷᠭᠡᠵᠢᠯ ᠢ ᠠᠶᠢᠮᠠᠭ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠲᠤ ᠪᠦᠷᠢᠳᠭᠡᠬᠦᠯᠪᠡ᠃ | ᠤᠯᠠᠮᠵᠢᠯᠠᠭᠴᠢ ᠶᠢᠨ ᠲᠤᠪᠴᠢ ᠲᠠᠨᠢᠯᠴᠠᠭᠤᠯᠭ᠎ᠠ᠄ ᠮᠢᠩ ᠶᠤᠸᠠᠢ ᠵᠠᠩ᠂ ᠡᠷᠡᠭᠳᠡᠢ᠂ ᠬᠢᠳᠠᠳ | ᠦᠨᠳᠦᠰᠦᠳᠡᠨ᠂ 1964 ᠤᠨ ᠳᠤ ᠲᠦᠷᠦᠪᠡ᠃ ᠲᠠᠶᠢᠹᠤᠰᠧ ᠬᠤᠰᠢᠭᠤᠨ ᠤ ᠬᠦᠮᠦᠨ᠃ ᠠᠷᠢᠬᠢ ᠨᠡᠷᠡᠬᠦ ᠠᠵᠢᠯ | ᠢ 20 ᠭᠠᠷᠤᠢ ᠵᠢᠯ ᠬᠢᠵᠦ᠂ ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠨᠡᠷᠡᠬᠦ ᠲᠡᠭᠡᠳᠦ ᠲᠡᠰ ᠤᠨ ᠮᠠᠰᠲ᠋ᠧᠷ | ᠪᠤᠯᠵᠠᠢ᠃ ᠠᠷᠢᠬᠢ ᠨᠡᠷᠡᠬᠦ ᠤᠯᠠᠮᠵᠢᠯᠠᠯᠳᠤ ᠮᠡᠷᠭᠡᠵᠢᠯ ᠢ ᠤᠯᠠᠮ ᠰᠠᠶᠢᠨ ᠬᠠᠮᠠᠭᠠᠯᠠᠨ ᠬᠦᠭᠵᠢᠬᠦᠯᠬᠦ ᠶᠢᠨ ᠲᠦᠯᠦᠬᠡ᠂ | ᠲᠡᠷᠡᠪᠡᠷ ᠦᠷᠬᠦᠯᠵᠢ ᠦᠢᠯᠡᠳᠪᠦᠷᠢ ᠶᠢᠨ ᠲᠠᠰᠤᠭ ᠲᠤ ᠪᠡᠶ᠎ᠡ ᠪᠠᠷ ᠢᠶᠠᠨ ᠬᠦᠨᠵᠡᠭᠡᠶᠢᠷᠡᠨ᠂ ᠠᠵᠢᠯᠴᠢᠳ ᠢᠶᠠᠨ | ᠵᠢᠭᠠᠨ ᠵᠢᠯᠤᠭᠤᠳᠴᠤ ᠂ ᠮᠡᠷᠭᠡᠵᠢᠯ ᠢᠶᠠᠨ ᠲᠠᠰᠤᠷᠠᠯᠳᠠ ᠦᠬᠡᠢ ᠲᠡᠭᠡᠭᠰᠢᠯᠡᠬᠦᠯᠳᠡᠭ ᠪᠤᠯᠬᠤᠷ ᠠᠵᠤ ᠠᠬᠤᠶᠢᠯᠠᠯ ᠨᠢ | ᠬᠤᠯᠠ ᠤᠶᠢᠷ᠎ᠠ ᠳᠠᠭᠠᠨ ᠨᠡᠷ᠎ᠡ ᠠᠯᠳᠠᠷᠰᠢᠨ᠂ ᠪᠦᠳᠦᠭᠡᠭᠳᠡᠬᠦᠨ ᠨᠢ ᠤᠯᠤᠰ ᠤᠷᠤᠨ ᠤ ᠨᠡᠷᠡᠳᠦ ᠲᠡᠮᠳᠡᠭ ᠪᠤᠯᠵᠤ᠂ | ᠦᠪᠡᠷ ᠤᠨ ᠪᠡᠶ᠎ᠡ ᠨᠢ ᠴᠤ ᠬᠤᠰᠢᠭᠤ ᠨᠤᠳᠤᠭ ᠤᠨ ᠢᠶᠠᠨ ᠨᠡᠷ᠎ᠡ ᠴᠤᠤ ᠲᠠᠢ ᠠᠵᠤ ᠠᠬᠤᠶᠢᠯᠠᠯᠳᠠᠨ ᠪᠤᠯᠤᠭᠰᠠᠨ | ᠪᠠᠶᠢᠨ᠎ᠠ᠃ 2013 ᠤᠨ ᠳᠤ ᠤᠨ ᠳᠤ ᠬᠤᠰᠢᠭᠤᠨ ᠤ ᠲᠡᠰ ᠤᠨ ᠲᠦᠯᠦᠭᠡᠯᠡᠭᠴᠢ ᠴᠢᠨᠠᠷᠳᠠᠢ ᠦᠪᠯᠡᠨ | ᠤᠯᠠᠮᠵᠢᠯᠠᠭᠴᠢ ᠪᠤᠯᠵᠤ᠂ 2015 ᠤᠨ ᠳᠤ ᠠᠶᠢᠮᠠᠭ ᠤᠨ ᠲᠡᠰ ᠤᠨ ᠦᠪᠯᠡᠨ ᠤᠯᠠᠮᠵᠢᠯᠠᠭᠴᠢ ᠪᠤᠯᠪᠠ᠃ |