︽ᠵᠣᠷᠯᠣᠩ ᠤᠨ ᠦᠬᠡᠷᠡᠴᠢᠯᠡᠯᠳᠡ︾  ᠶᠢ ᠠᠬᠢᠭᠤᠯᠵᠤ ᠪᠣᠯᠪᠠᠰᠤᠨ ᠬᠥᠳᠡᠭᠡ ᠲᠣᠰᠬᠤᠨ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/10/24
   ᠬᠤᠰᠢᠭᠤ ᠨᠤᠳᠤᠭ ᠤᠨ ᠬᠦᠭᠵᠢᠵᠦ ᠴᠢᠨᠡᠭᠡᠯᠢᠭᠵᠢᠭᠰᠡᠨ ᠡᠰᠡᠬᠦ ᠶᠢ ᠬᠦᠳᠡᠭᠡ ᠲᠤᠰᠬᠤᠨ ᠤ ᠵᠣᠷᠯᠣᠩ ᠤᠨ ᠪᠠᠶᠢᠳᠠᠯ ᠠᠴᠠ ᠨᠢ ᠴᠤ ᠦᠵᠡᠵᠦ ᠭᠠᠷᠤᠨ᠎ᠠ᠃ ᠲᠠᠶᠢᠹᠤᠰᠧ ᠬᠤᠰᠢᠭᠤ   ᠨᠢ ᠬᠥᠳᠡᠭᠡ ᠲᠣᠰᠬᠤᠨ ᠤ ︽ᠵᠣᠷᠯᠣᠩ ᠤᠨ ᠦᠬᠡᠷᠡᠴᠢᠯᠡᠯᠳᠡ︾  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ︽ ᠠᠯᠢ  ᠨᠢ ᠲᠤᠬᠢᠷᠠᠮᠵᠢᠳᠠᠢ ᠪᠤᠯ  ᠲᠡᠶᠢᠮᠦ ᠶᠢ ᠪᠠᠶᠢᠭᠤᠯᠬᠤ᠂  ᠠᠯᠢ ᠪᠤᠯᠬᠤ ᠪᠠᠷ ᠤᠰᠤᠨ ᠵᠣᠷᠯᠣᠩ ᠪᠠᠶᠢᠭᠤᠯᠬᠤ︾ ᠠᠵᠢᠯ ᠤᠨ ᠰᠡᠳᠬᠢᠴᠡ ᠶᠢ ᠢᠳᠡᠪᠬᠢᠲᠡᠢ ᠰᠦᠪᠡᠭᠴᠢᠯᠡᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ︽ᠵᠣᠷᠯᠣᠩ ᠤᠨ ᠦᠬᠡᠷᠡᠴᠢᠯᠡᠯᠳᠡ︾  ᠶᠢ ᠬᠦᠴᠦᠲᠡᠢ ᠠᠬᠢᠭᠤᠯᠤᠭᠠᠳ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂  ᠠᠵᠢᠯᠯᠠᠵᠤ ᠠᠮᠢᠳᠤᠷᠠᠬᠤ ᠳᠤ ᠲᠤᠬᠢᠷᠠᠮᠵᠢᠳᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ  ᠪᠠᠶᠢᠭᠤᠯᠬᠤ ᠪᠠᠷ  ᠴᠢᠷᠮᠠᠶᠢᠵᠤ ᠢᠷᠡᠵᠡᠢ᠃     ︽ᠵᠠᠰᠠᠭ ᠠᠴᠠ ᠵᠢᠯᠤᠭᠤᠳᠴᠤ᠂ ᠬᠠᠮᠵᠢᠯᠴᠠᠨ ᠠᠬᠢᠭᠤᠯᠬᠤ︾ ᠵᠠᠷᠴᠢᠮ ᠶᠣᠰᠣᠭᠠᠷ᠂  ᠲᠤᠰ ᠬᠤᠰᠢᠭᠤᠨ ᠤ  ᠬᠢᠨ ᠲᠤᠰᠬᠠᠢ ᠤᠳᠤᠷᠢᠳᠬᠤ ᠳᠤᠭᠤᠶᠢᠯᠠᠩ ᠪᠠ ᠠᠵᠢᠯᠯᠠᠬᠤ ᠠᠩᠭᠢ ᠪᠠᠶᠢᠭᠤᠯᠵᠤ᠂ ︽ᠬᠤᠰᠢᠭᠤ᠂  ᠰᠤᠮᠤ᠂  ᠭᠠᠴᠠᠭ᠎ᠠ︾ ᠭᠤᠷᠪᠠᠨ ᠱᠠᠲᠤᠨ ᠤ ᠬᠤᠯᠪᠤᠭᠠᠯᠠᠭᠰᠠᠨ ᠲᠣᠭᠲᠠᠴᠠ ᠶᠢ ᠬᠡᠷᠡᠭᠵᠢᠭᠦᠯᠵᠦ᠂ ︽2023 ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠦᠰᠦᠪ︾ ᠢ ᠲᠣᠭᠲᠠᠭᠠᠨ  ᠂ ᠭᠤᠷᠪᠠᠳᠠᠭᠢ ᠡᠲᠡᠭᠡᠳ ᠤᠨ ᠺᠣᠮᠫᠠᠨᠢ ᠶᠢ ᠤᠷᠢᠵᠤ  ᠵᠣᠷᠯᠣᠩ ᠤᠨ ᠦᠬᠡᠷᠡᠴᠢᠯᠡᠯᠳᠡ  ᠶᠢᠨ ᠢᠨᠵᠧᠨᠧᠷᠢᠩ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠬᠢᠯᠬᠡᠬᠦ ᠶᠢᠨ ᠬᠠᠮᠳᠤ᠂ ᠣᠯᠠᠨ ᠤᠳᠠᠭ᠎ᠠ ᠲᠤᠰᠬᠠᠢ ᠰᠡᠳᠦᠪᠲᠦ ᠬᠤᠷᠠᠯ ᠪᠠ  ᠠᠬᠤᠢ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠡᠯ᠎ᠡ ᠲᠥᠷᠥᠯ ᠤᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠳᠡᠭᠡᠳᠦ ᠳᠣᠣᠷᠠᠳᠤ ᠱᠠᠲᠤ  ᠬᠤᠯᠪᠤᠭᠠᠯᠠᠵᠤ᠂  ᠬᠠᠮᠳᠤ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠤᠯᠭᠠᠭᠰᠠᠨ ᠪᠠᠶᠢᠨ᠎ᠠ᠃ ᠡᠭᠦᠨ ᠤ ᠬᠠᠮᠲᠤ᠂  ᠵᠣᠷᠯᠣᠩ ᠤᠨ ᠦᠬᠡᠷᠡᠴᠢᠯᠡᠯᠳᠡ ᠶᠢᠨ ᠲᠠᠩᠰᠠ ᠡᠪᠬᠡᠮᠡᠯ ᠢ ᠤᠯᠠᠮ  ᠪᠦᠷᠢᠨᠰᠢᠭᠦᠯᠵᠦ᠂ ᠨᠢᠭᠡ ᠡᠷᠦᠬᠡ ︵ᠵᠣᠷᠯᠣᠩ︶ ᠳᠤ ᠨᠢᠭᠡ ᠲᠠᠩᠰᠠ ᠲᠠᠢ ᠪᠤᠯᠭᠠᠨ᠂ ︽ᠵᠣᠷᠯᠣᠩ ᠤᠨ  ᠦᠬᠡᠷᠡᠴᠢᠯᠡᠯᠳᠡ︾  ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ︽ ᠪᠠᠶᠢᠭᠤᠯᠵᠤ ᠲᠠᠭᠤᠰᠪᠠᠯ ᠭᠡᠷᠡᠭᠯᠡᠵᠦ ᠠᠰᠢᠭᠯᠠᠬᠤ᠂  ᠠᠶᠢᠯ ᠡᠷᠦᠬᠡ ᠬᠠᠩᠭᠠᠮᠵᠢ ᠲᠠᠢ ᠪᠠᠶᠢᠬᠤ︾ ᠶᠢ ᠦᠨᠡᠨ ᠬᠦ  ᠪᠠᠳᠤᠯᠠᠵᠠᠢ᠃  ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠦᠵᠡᠯ ᠰᠠᠨᠠᠭ᠎ᠠ ᠣᠶᠢᠯᠠᠭᠠᠭᠳᠠᠬᠤᠨ ᠪᠠ ᠡᠷᠡᠭᠦᠯ ᠬᠠᠮᠠᠭᠠᠯᠠᠯ ᠤᠨ ᠵᠠᠩ ᠳᠠᠳᠬᠠᠯ ᠢ ᠬᠤᠪᠢᠷᠠᠭᠤᠯᠬᠤ ᠠᠴᠠ ᠭᠠᠷᠳᠠᠨ᠂    ᠷᠠᠳᠢᠤ᠋᠂ ᠸᠢᠴᠠᠲ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠬᠤ ᠪᠠ ᠤᠬᠠᠭᠤᠯᠭ᠎ᠠ ᠶᠢᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ︽ᠵᠣᠷᠯᠣᠩ ᠤᠨ ᠦᠬᠡᠷᠡᠴᠢᠯᠡᠯᠳᠡ︾  ᠶᠢᠨ  ᠵᠤᠷᠢᠯᠭ᠎ᠠ ᠪᠠ ᠦᠢᠯᠡᠳᠦᠯ ᠢ ᠶᠡᠭᠡ ᠪᠠᠷ ᠤᠬᠠᠭᠤᠯᠵᠤ᠂  ᠣᠯᠠᠨ ᠲᠦᠮᠡᠨ ᠳᠤ ᠪᠣᠯᠪᠠᠰᠤᠨ ᠥᠭᠡᠳᠡᠷᠬᠡᠭ ᠠᠮᠢᠳᠤᠷᠠᠯ ᠤᠨ ᠵᠠᠩ ᠳᠠᠳᠬᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠰᠤᠷᠳᠠᠯᠴᠢᠯᠠᠨ᠂  ︽ᠵᠣᠷᠯᠣᠩ ᠤᠨ ᠦᠬᠡᠷᠡᠴᠢᠯᠡᠯᠳᠡ︾ ᠶᠢᠨ ᠰᠠᠶᠢᠨ ᠲᠠᠯ᠎ᠠ ᠶᠢ ᠲᠠᠨᠢᠭᠤᠯᠵᠤ᠂  ︽ᠵᠣᠷᠯᠣᠩ ᠤᠨ ᠦᠬᠡᠷᠡᠴᠢᠯᠡᠯᠳᠡ︾ ᠳᠤ ᠤᠬᠠᠮᠰᠠᠷ   ᠠᠴᠠ ᠪᠠᠨ ᠤᠷᠤᠯᠴᠠᠬᠤ ᠤᠬᠠᠮᠰᠠᠷ ᠢ ᠨᠢ ᠲᠡᠭᠡᠭᠰᠢᠯᠡᠬᠦᠯᠦᠨ ᠢᠳᠡᠪᠬᠢᠵᠢᠯ ᠢ ᠨᠢ ᠲᠠᠶᠢᠴᠢᠯᠠᠪᠠ᠃  ᠲᠣᠭᠲᠠᠴᠠ ᠶᠢ ᠲᠡᠭᠦᠯᠳᠡᠷᠵᠢᠭᠦᠯᠬᠦ ᠶᠢ ︽ᠭᠤᠣᠯᠳᠠᠯᠭ᠎ᠠ︾ ᠪᠣᠯᠭᠠᠨ ᠠᠳᠬᠤᠵᠤ᠂ ᠤᠷᠢᠳᠠᠪᠠᠷ ᠲᠤᠷᠰᠢᠯᠲᠠ ᠬᠢᠬᠦ ᠶᠢ ᠪᠠᠷᠢᠮᠳᠠᠯᠠᠨ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠬᠡᠷᠡᠴᠢᠯᠡᠯᠳᠡ ᠶᠢᠨ ᠵᠠᠭᠪᠤᠷ ᠤᠨ ᠭᠠᠷ ᠠᠪᠤᠯᠭ᠎ᠠ  ︵2023 ᠭᠡᠪᠯᠡᠯ︾  ᠪᠠᠷ ᠯᠠᠪᠯᠠᠯᠲᠠ ᠪᠤᠯᠭᠠᠵᠤ ᠪᠠᠶᠢᠭᠠᠳ  ᠬᠤᠩ ᠴᠢ ᠪᠠᠯᠭᠠᠰᠤᠨ ᠤ  ᠰᠢᠨ ᠵᠢᠶᠠᠨ ᠲᠣᠰᠬᠤᠨ ᠳᠤ ᠲᠤᠷᠰᠢᠯᠲᠠ ᠶᠢᠨ ᠠᠵᠢᠯ ᠢ ᠬᠢᠵᠦ᠂ ᠡᠯ᠎ᠡ ᠰᠤᠮᠤ ᠰᠢᠶᠠᠩ ᠪᠠᠯᠭᠠᠰᠤ ᠪᠠ ᠪᠠᠷᠢᠯᠭ᠎ᠠ ᠶᠢᠨ ᠨᠢᠭᠡᠴᠡ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ᠲᠤᠰ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠤᠯᠠᠮ ᠰᠢᠯᠢᠳᠡᠭᠵᠢᠬᠦᠯᠦᠭᠰᠡᠨ ᠪᠠᠶᠢᠨ᠎ᠠ  ᠃ ᠡᠭᠦᠨ ᠤ ᠬᠠᠮᠲᠤ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠮᠡᠷᠭᠡᠵᠢᠯ ᠤᠨ ᠱᠤᠭᠤᠮ᠂ ᠬᠡᠷᠡᠭᠵᠢᠭᠦᠯᠬᠦ ᠠᠯᠬᠤᠮ ᠶᠠᠪᠤᠴᠠ᠂ ᠰᠢᠯᠭᠠᠨ ᠠᠪᠬᠤ ᠲᠠᠰ ᠳᠠᠷᠠᠭᠠᠯᠠᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠡᠵᠡᠮᠳᠡᠨ᠂ ᠵᠣᠷᠯᠣᠩ ᠤᠨ ᠶᠠᠰᠤ ᠴᠢᠨᠠᠷ᠂ ᠲᠤᠭ᠎ᠠ ᠬᠡᠮᠵᠢᠶ᠎ᠡ ᠪᠠ ᠲᠣᠭᠲᠠᠭᠰᠠᠨ ᠬᠤᠭᠤᠴᠠᠭᠠᠨ ᠳᠤ ᠠᠵᠢᠯ ᠲᠠᠭᠤᠰᠴᠤ ᠠᠰᠢᠭᠯᠠᠯᠲᠠ ᠳᠤ ᠣᠷᠣᠬᠤ ᠶᠢ ᠦᠨᠡᠨᠬᠦ ᠪᠠᠳᠤᠯᠠᠵᠠᠢ᠃ ︽ᠭᠤᠷᠪᠠᠨ ᠬᠤᠪᠢ ᠶᠢᠨ ᠪᠠᠶᠢᠭᠤᠯᠤᠯᠳᠠ᠂ ᠲᠤᠯᠤᠭᠠᠨ ᠬᠤᠪᠢ ᠶᠢᠨ ᠬᠠᠮᠢᠶᠠᠷᠤᠯᠳᠠ︾ ᠭᠡᠳᠡᠭ ᠢᠶᠠᠷ᠂ ᠵᠣᠷᠯᠣᠩ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠡᠷᠭᠡᠪᠡᠷ ᠵᠠᠰᠠᠬᠤ ᠶᠢ ᠪᠡᠶᠡᠯᠡᠭᠦᠯᠬᠦ ᠶᠢᠨ ᠲᠥᠯᠥᠭᠡ᠂  ᠲᠠᠶᠢᠹᠤᠰᠧ ᠬᠤᠰᠢᠭᠤᠨ ᠤ ᠬᠢᠨ ᠵᠣᠷᠯᠣᠩ ᠤᠨ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠨᠠᠷᠢᠨ ᠬᠢᠨᠠᠮᠠᠭᠠᠢ ᠬᠢᠵᠦ᠂ ᠲᠥᠬᠦᠭᠡᠷᠦᠮᠵᠢ ᠶᠢ ᠬᠠᠮᠠᠭᠠᠯᠠᠬᠤ ᠬᠥᠮᠥᠨ ᠲᠠᠢ᠂ ᠪᠣᠬᠢᠷᠲᠤᠯ ᠢ ᠴᠡᠪᠡᠷᠯᠡᠬᠦ ᠬᠥᠮᠥᠨ ᠲᠠᠢ ᠪᠠᠶᠢᠬᠤ ᠶᠢ ᠪᠠᠳᠤᠯᠠᠨ᠂ ᠳᠦᠷᠢᠮ ᠲᠠᠢ᠂ ᠪᠠᠷᠢᠮᠵᠢᠶ᠎ᠠ ᠲᠠᠢ᠂ ᠬᠢᠨᠠᠯᠲᠠ ᠲᠠᠢ ᠪᠠᠶᠢᠬᠤ ᠶᠢ ᠪᠡᠶᠡᠯᠡᠬᠦᠯᠵᠦ᠂ ᠰᠤᠮᠤ ᠰᠢᠶᠠᠩ ᠪᠠᠯᠭᠠᠰᠤ ᠪᠣᠯᠭᠠᠨ ᠳᠤ ᠵᠤᠷᠯᠤᠩ ᠴᠡᠪᠡᠷᠯᠡᠬᠦ ᠲᠡᠷᠭᠡ ᠬᠦᠰᠭᠡ ᠪᠠ ᠠᠵᠢᠯᠳᠠᠨ ᠢ ᠲᠤᠬᠢᠷᠠᠭᠤᠯᠤᠭᠠᠳ᠂  ᠪᠠᠶᠢᠭᠤᠯᠬᠤ᠂ ᠬᠠᠮᠢᠶᠠᠷᠬᠤ᠂ ᠵᠠᠰᠠᠬᠤ ᠂ ᠬᠡᠷᠡᠭᠯᠡᠬᠦ ᠶᠢ ᠵᠡᠷᠭᠡ ᠪᠠᠷ ᠴᠢᠬᠤᠯᠠᠴᠢᠯᠠᠭᠰᠠᠨ ᠤᠷᠲᠤ ᠬᠤᠭᠤᠴᠠᠭᠠᠨ ᠤ ᠪᠦᠲᠦᠮᠵᠢᠲᠡᠶ  ᠬᠠᠮᠢᠶᠠᠷᠤᠯᠳᠠ ᠶᠢᠨ ᠲᠣᠭᠲᠠᠴᠠ ᠶᠢ ᠪᠤᠢ ᠪᠤᠯᠭᠠᠭᠰᠠᠨ ᠪᠠᠶᠢᠨ᠎ᠠ᠃  ᠡᠶᠢᠨ ᠬᠦ᠋᠂ 2023 ᠣᠨ ᠳᠤ  ᠲᠤᠰ ᠬᠤᠰᠢᠭᠤ ᠨᠢ 122 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ 237 ᠶᠢ ᠰᠢᠨ᠎ᠡ ᠪᠠᠷ ᠪᠠᠶᠢᠭᠤᠯᠤᠭᠠᠳ᠂ ᠡᠨᠡ   ᠨᠢ 4 ᠰᠤᠮᠤ ᠰᠢᠶᠠᠩ ᠪᠠᠯᠭᠠᠰᠤᠨ ᠤ 11 ᠭᠠᠴᠠᠭ᠎ᠠ ᠲᠣᠰᠬᠤᠨ ᠳᠤ ᠬᠤᠯᠪᠤᠭᠳᠠᠵᠠᠢ᠃  ᠮᠦᠨ ᠵᠢᠯ ᠳᠤ᠂  ᠴᠢᠶᠠᠨ ᠶᠢᠨ ᠭᠧᠦ ᠪᠠᠯᠭᠠᠰᠤᠨ ᠤ ᠴᠠᠪ ᠨᠠᠭᠤᠷ ᠲᠣᠰᠬᠤᠨ ᠢ ᠰᠢᠨ᠎ᠡ ᠲᠤᠷᠰᠢᠯᠲᠠ ᠶᠢᠨ ᠴᠢᠭ᠋ ᠪᠤᠯᠭᠠᠨ᠂  ᠰᠢᠨ᠎ᠡ ᠬᠡᠯᠪᠡᠷᠢ ᠶᠢᠨ ᠬᠠᠭᠤᠷᠠᠢ ᠵᠣᠷᠯᠣᠩ 4  ᠂  ᠰᠢᠨ᠎ᠡ ᠬᠡᠯᠪᠡᠷᠢ ᠶᠢᠨ ᠤᠰᠤᠨ ᠵᠣᠷᠯᠣᠩ 3 ᠶᠢ ᠪᠠᠶᠢᠭᠤᠯᠵᠤ᠂  ᠲᠠᠷᠠᠭ᠎ᠠ ᠠᠯᠬᠤᠮ ᠤᠨ ᠵᠣᠷᠯᠣᠩ ᠤᠨ ᠦᠬᠡᠷᠡᠴᠢᠯᠡᠯᠳᠡ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号