ᠠᠬᠠᠮᠠᠳ ᠺᠠᠳ᠋ᠷᠴᠤᠳ ᠢ ᠵᠤᠬᠢᠶᠠᠨ ᠪᠠᠶᠢᠭᠤᠯᠵᠤ ᠠᠵᠤ ᠠᠬᠤᠢ ᠶᠢᠨ ᠬᠦᠭᠵᠢᠯᠳᠡ ᠶᠢ ᠲᠤᠭᠤᠷᠢᠨ ᠦᠵᠡᠬᠦᠯᠪᠡ
ᠨᠡᠶᠢᠲᠡᠯᠡᠭᠰᠡᠨ ᠴᠠᠭ᠄
2023/10/24
   10 ᠰᠠᠷ᠎ᠠ ᠶᠢᠨ 23 ᠤ ᠡᠳᠦᠷ᠂ ᠲᠠᠶᠢᠹᠤᠰᠧ ᠬᠤᠰᠢᠭᠤᠨ ᠤ ᠠᠬᠠᠮᠠᠳ ᠺᠠᠳ᠋ᠷᠴᠤᠳ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠠᠵᠢᠯᠴᠢᠨ ᠤ ᠶᠡᠷᠦᠩᠬᠡᠢ ᠡᠪᠯᠡᠯ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠬᠠᠮᠳᠤᠷᠠᠵᠤ᠂ ︽ ᠶᠢᠰᠦᠨ ᠰᠠᠷ᠎ᠠ ᠶᠢᠨ ᠶᠢᠰᠦᠨ︾ ᠤ ᠨᠠᠰᠤᠲᠠᠶᠢᠴᠤᠳ ᠢᠶᠠᠨ ᠬᠦᠨᠳᠦᠯᠡᠬᠦ  ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠷᠢᠳ ᠬᠤᠵᠢᠳ ᠲᠠᠩ ᠾᠧ  ᠺᠤᠮᠫᠠᠨᠢ᠂  ᠺᠧ ᠲᠠᠢ ᠯᠦᠩ ᠳ᠋ᠡ ᠺᠤᠮᠫᠠᠨᠢ᠂ ᠰᠢ ᠱᠠᠨ ᠴᠡᠴᠡᠷᠯᠢᠭ᠂  ᠨᠢᠭᠡᠳᠦᠭᠡᠷ ᠳᠤᠮᠳᠠᠳᠤ ᠰᠤᠷᠭᠠᠭᠤᠯᠢ ᠶᠢ ᠲᠣᠭᠤᠷᠢᠨ ᠦᠵᠡᠵᠦ᠂  ᠲᠠᠶᠢᠹᠤᠰᠧ ᠬᠤᠰᠢᠭᠤᠨ ᠤ ᠪᠠᠨ ᠠᠵᠤ ᠠᠬᠤᠶᠢᠯᠠᠯ ᠤᠨ ᠬᠥᠭᠵᠢᠯᠲᠡ᠂ ᠬᠤᠳᠠ ᠪᠠᠯᠭᠠᠰᠤᠨ ᠤ ᠪᠠᠶᠢᠭᠤᠯᠤᠯᠳᠠ  ᠂ ᠰᠤᠷᠭᠠᠨ ᠬᠥᠮᠦᠵᠢᠯ ᠤᠨ ᠪᠠᠶᠢᠳᠠᠯ ᠵᠡᠷᠭᠡ ᠶᠢ ᠨᠠᠷᠢᠨ  ᠤᠶᠢᠯᠠᠭᠠᠭᠰᠠᠨ ᠪᠠᠶᠢᠨ᠎ᠠ᠃  ᠨᠢᠭᠡᠳᠦᠭᠡᠷ ᠳᠤᠮᠳᠠᠳᠤ ᠰᠤᠷᠭᠠᠭᠤᠯᠢ ᠳᠤ ᠪᠤᠯᠤᠭᠰᠠᠨ ᠶᠠᠷᠢᠯᠴᠠᠬᠤ ᠬᠤᠷᠠᠯ ᠳᠤ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ ᠤᠷᠤᠯᠴᠠᠵᠤ᠂  ᠠᠬᠠᠮᠠᠳ ᠺᠠᠳ᠋ᠷᠴᠤᠳ ᠲᠠᠢ ᠬᠠᠮᠲᠤ ᠪᠠᠷ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠲᠣᠭᠤᠷᠢᠨ ᠳᠤ ᠲᠠᠶᠢᠹᠤᠰᠧ ᠬᠤᠰᠢᠭᠤᠨ ᠤ ᠠᠵᠤ ᠠᠬᠤᠢ ᠶᠢᠨ  ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠲᠤᠬᠠᠢ ᠲᠡᠯᠬᠡᠨ ᠶᠠᠷᠢᠯᠴᠠᠵᠠᠢ᠃ ᠸᠠᠩ ᠸᠧᠢ ᠬᠤᠩ ᠠᠬᠠᠮᠠᠳ ᠺᠠᠳ᠋ᠷᠴᠤᠳ ᠢ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠴᠤᠭᠴᠠᠯᠠᠯᠳᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂  ᠲᠠᠶᠢᠹᠤᠰᠧ ᠬᠤᠰᠢᠭᠤᠨ ᠤ ᠪᠠᠨ ᠬᠥᠭᠵᠢᠯᠲᠡ ᠴᠤᠭᠴᠠᠯᠠᠯᠳᠠ ᠳᠤ ᠦᠷᠬᠦᠯᠵᠢᠯᠡᠨ ᠠᠷᠭ᠎ᠠ ᠤᠬᠠᠭᠠᠨ ᠭᠠᠷᠭᠠᠳᠤᠭᠠᠢ ᠬᠡᠵᠦ ᠬᠦᠰᠡᠯ ᠨᠠᠶᠢᠳᠠᠯᠭ᠎ᠠ ᠪᠠᠨ ᠲᠡᠪᠰᠢᠬᠦᠯᠪᠡ᠃ ᠬᠤᠷᠠᠯ ᠳᠤ ᠣᠷᠣᠯᠴᠠᠭᠰᠠᠨ ᠠᠬᠠᠮᠠᠳ ᠺᠠᠳ᠋ᠷᠴᠤᠳ ᠪᠤᠳᠤᠵᠤ ᠰᠠᠨᠠᠭᠰᠠᠨ ᠢᠶᠠᠨ ᠠᠭᠤᠵᠢᠷᠠᠲᠠᠯ᠎ᠠ  ᠶᠠᠷᠢᠯᠴᠠᠵᠤ᠂ ᠪᠦᠭᠦ ᠬᠤᠰᠢᠭᠤᠨ ᠤ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ  ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠤ ᠬᠠᠮᠳᠤ᠂  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠨ ᠰᠡᠳᠬᠢᠯ ᠢᠶᠠᠨ ᠪᠠᠶᠠᠰᠬᠠᠵᠤ ᠬᠠᠷᠠᠭ᠎ᠠ ᠪᠠᠨ ᠲᠡᠯᠡᠯ᠎ᠡ᠂  ᠬᠤᠶᠢᠰᠢᠳᠠ ᠦᠯᠡᠳᠡᠪᠦᠷᠢ ᠢᠯᠴᠢ ᠪᠠᠨ ᠦᠷᠬᠦᠯᠵᠢᠯᠡᠨ ᠪᠠᠳᠠᠷᠠᠭᠤᠯᠵᠤ᠂ ᠲᠠᠶᠢᠹᠤᠰᠧ ᠬᠤᠰᠢᠭᠤᠨ ᠤ ᠪᠠᠨ ᠬᠥᠭᠵᠢᠯᠲᠡ ᠴᠤᠭᠴᠠᠯᠠᠯᠳᠠ ᠳᠤ ᠬᠦᠴᠦᠨ ᠴᠢᠳᠠᠯ ᠢᠶᠠᠨ ᠡᠷᠭᠦᠨ᠎ᠡ ᠬᠡᠵᠦ ᠢᠯᠡᠷᠭᠡᠶᠢᠯᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号