ᠤᠯᠠᠮᠵᠢᠯᠠᠯᠳᠤ ᠤᠷ᠎ᠠ ᠮᠡᠷᠭᠡᠵᠢᠯ — ᠠᠷᠢᠬᠢ ᠨᠡᠷᠡᠬᠦ
ᠨᠡᠶᠢᠲᠡᠯᠡᠭᠰᠡᠨ ᠴᠠᠭ᠄
2023/10/24
  ︽ᠲᠠᠯ᠎ᠠ ᠨᠤᠳᠤᠭ︾ ᠠᠷᠢᠬᠢ  ᠨᠡᠷᠡᠬᠦ ᠮᠡᠷᠭᠡᠵᠢᠯ ᠪᠤᠯ ᠲᠠᠶᠢᠹᠤᠰᠧ ᠬᠤᠰᠢᠭᠤᠨ ᠤ ᠨᠢᠬᠡ ᠵᠦᠢᠯ ᠤᠨ ᠤᠯᠠᠮᠵᠢᠯᠠᠯᠳᠤ ᠦᠢᠯᠡᠳᠪᠦᠷᠢᠯᠡᠯ ᠤᠨ ᠮᠡᠷᠭᠡᠵᠢᠯ  ᠪᠠᠶᠢᠵᠤ᠂  ᠲᠤᠰ ᠬᠤᠰᠢᠭᠤᠨ ᠤ ᠠᠷᠢᠬᠢ ᠨᠡᠷᠡᠬᠦ ᠮᠡᠷᠭᠡᠵᠢᠯ ᠤᠨ ᠲᠠᠭᠠᠭᠤᠯᠤᠭᠴᠢ ᠪᠤᠯᠬᠤ ᠶᠤᠮ᠃  ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠶᠢᠨ ᠦᠢᠯᠡᠳᠪᠦᠷᠢᠯᠡᠯ 1949 ᠤᠨ ᠠᠴᠠ ᠡᠬᠢᠯᠡᠵᠡᠢ᠃ ᠲᠡᠦᠬᠡᠨ ᠮᠠᠲ᠋ᠧᠷᠢᠶᠠᠯ ᠢ ᠦᠨᠳᠦᠰᠦᠯᠡᠪᠡᠯ᠂ ᠡᠨᠡᠬᠦ ᠠᠷᠢᠬᠢ ᠨᠡᠷᠡᠬᠦ ᠮᠡᠷᠭᠡᠵᠢᠯ ᠨᠢ 300 ᠵᠢᠯ  ᠤᠨ ᠡᠮᠦᠨᠡᠬᠢ ᠮᠠᠨᠵᠤ ᠴᠢᠩ ᠤᠨ ᠦᠶ᠎ᠡ ᠠᠴᠠ ᠢᠷᠡᠯᠳᠡ ᠲᠠᠢ ᠭᠡᠳᠡᠭ᠃  ᠲᠤᠬᠠᠢ ᠶᠢᠨ ᠦᠶ᠎ᠡ ᠳᠤ ᠬᠠᠭᠠᠨ ᠤ ᠠᠳᠤᠭᠤ ᠮᠠᠯᠵᠢᠬᠤ ᠲᠠᠯᠠᠪᠠᠢ ᠪᠠᠶᠢᠭᠰᠠᠨ ᠡᠨᠡ  ᠨᠤᠳᠤᠭ ᠲᠤ  ᠠᠷᠢᠬᠢ ᠨᠡᠷᠡᠬᠦ ᠮᠡᠷᠭᠡᠵᠢᠯ ᠲᠡᠯᠭᠡᠷᠡᠵᠦ ᠪᠠᠶᠢᠭᠰᠠᠨ ᠬᠡᠨ᠎ᠡ᠃ 1949 ᠤᠨ ᠳᠤ ᠠᠷᠠᠳ ᠤᠨ ᠵᠠᠰᠠᠭ ᠪᠠᠶᠢᠭᠤᠯᠤᠭᠳᠠᠭᠰᠠᠨ ᠤ ᠲᠠᠷᠠᠭ᠎ᠠ᠂  ᠠᠳᠡᠬᠢ 8 ᠡᠷᠦᠬᠡ  ᠠᠷᠢᠬᠢ ᠨᠡᠷᠡᠬᠦ ᠬᠤᠪᠢ ᠶᠢᠨ ᠦᠢᠯᠡᠳᠪᠦᠷᠢ ᠶᠢ ᠨᠢᠬᠡᠳᠭᠡᠵᠦ᠂  ᠪᠤᠤ ᠶᠤᠸᠠᠨ ᠰᠢᠶᠠᠨ ᠤ ᠤᠯᠤᠰ ᠠᠴᠠ ᠡᠵᠡᠩᠨᠡᠭᠰᠡᠨ  ᠠᠷᠢᠬᠢ ᠨᠡᠷᠡᠬᠦ  ᠦᠢᠯᠡᠳᠪᠦᠷᠢ ᠪᠤᠯᠭᠠᠨ ᠪᠠᠶᠢᠭᠤᠯᠤᠭᠠᠳ᠂  ᠰᠡᠬᠦᠯᠡᠷ ᠨᠢ ᠪᠤᠤᠴᠠᠩ ᠤᠨ ᠤᠯᠤᠰ ᠠᠴᠠ ᠡᠵᠡᠩᠨᠡᠭᠰᠡᠨ ᠠᠷᠢᠬᠢ ᠨᠡᠷᠡᠬᠦ ᠦᠢᠯᠡᠳᠪᠦᠷᠢ  ᠬᠡᠮᠡᠨ ᠦᠬᠡᠷᠡᠴᠢᠯᠡᠵᠡᠢ᠃ 1998 ᠤᠨ ᠳᠤ ᠠᠵᠤ ᠠᠬᠤᠶᠢᠯᠠᠯ ᠤᠨ ᠦᠬᠡᠷᠡᠴᠢᠯᠡᠯᠳᠡ ᠶᠢᠨ ᠲᠦᠷᠢᠮ ᠢ ᠭᠡᠷᠡᠭᠵᠢᠬᠦᠯᠬᠦ ᠪᠠᠷ ᠲᠠᠮᠵᠢᠭᠠᠳ᠂ ᠤᠤᠯ ᠦᠢᠯᠡᠳᠪᠦᠷᠢ ᠶᠢ ᠦᠪᠦᠷ ᠮᠤᠩᠭᠤᠯ ᠤᠨ ᠲᠠᠶᠢᠹᠤᠰᠧ ᠬᠤᠰᠢᠭᠤᠨ ᠤ  ᠲᠠᠯ᠎ᠠ ᠨᠤᠳᠤᠭ ᠠᠷᠢᠬᠢ ᠨᠡᠷᠡᠬᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠤᠯᠭᠠᠨ ᠦᠬᠡᠷᠡᠴᠢᠯᠡᠵᠦ᠂  ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠶᠢ ᠦᠢᠯᠡᠳᠪᠦᠷᠢᠯᠡᠨ ᠪᠤᠷᠤᠯᠠᠭᠤᠯᠤᠭᠰᠠᠭᠠᠷ ᠡᠳᠦᠭᠡ ᠳᠤ ᠬᠦᠷᠦᠭᠰᠡᠨ ᠶᠤᠮ᠃  ᠭᠡᠳᠦᠨ ᠵᠠᠭᠤᠨ ᠵᠢᠯ ᠤᠨ ᠦᠬᠡᠷᠡᠴᠢᠯᠡᠯᠳᠡ ᠰᠠᠶᠢᠵᠢᠷᠠᠭᠤᠯᠤᠯᠳᠠ ᠪᠠᠷ ᠲᠠᠮᠵᠢᠭᠠᠳ ᠤᠳᠤ ᠪᠤᠯᠬᠤ ᠳᠤ ︽ᠲᠠᠯ᠎ᠠ ᠨᠤᠳᠤᠭ︾ ᠬᠠᠷ᠎ᠠ ᠠᠷᠢᠬᠢ ᠶᠢᠨ ᠨᠡᠷᠡᠳᠦ ᠲᠡᠮᠳᠡᠭ  ᠨᠢᠬᠡᠨᠳᠡ ᠲᠦᠯᠦᠪᠰᠢᠨ ᠪᠤᠢ  ᠪᠤᠯᠵᠤ᠂ ᠰᠢᠯᠢᠳᠡᠭ  ᠰᠠᠶᠢᠨ ᠠᠮᠳᠠ ᠰᠢᠮ᠎ᠡ ᠪᠠᠷ ᠢᠶᠠᠨ ᠦᠷᠭᠡᠨ ᠤᠯᠠᠨ ᠭᠡᠷᠡᠭᠯᠡᠭᠴᠢᠳ   ᠤᠨ ᠦᠨᠡᠯᠡᠯᠳᠡ ᠲᠠᠭᠠᠰᠢᠶᠠᠯ ᠢ ᠤᠯᠵᠤ᠂  80 ᠭᠠᠷᠤᠢ ᠲᠦᠷᠦᠯ ᠤᠨ ᠰᠢᠷᠢᠰ  ᠪᠦᠳᠦᠭᠡᠭᠳᠡᠬᠦᠨ ᠨᠢ  ᠪᠦᠬᠦ ᠤᠯᠤᠰ ᠤᠨ 28 ᠮᠤᠵᠢ ᠤᠷᠤᠨ ᠬᠤᠳᠠ ᠳᠤ  ᠪᠤᠷᠤᠯᠠᠭᠤᠯᠤᠭᠳᠠᠨ᠂ ᠵᠢᠯ ᠤᠨ ᠦᠢᠯᠡᠳᠪᠦᠷᠢᠯᠡᠯ 1000 ᠲᠤᠨ  ᠂  ᠪᠤᠷᠤᠯᠠᠭᠤᠯᠤᠯᠭ᠎ᠠ ᠶᠢᠨ ᠤᠷᠤᠯᠭ᠎ᠠ 1.8 ᠳ᠋ᠦᠩᠰᠢᠭᠤᠷ ᠲᠦᠬᠦᠷᠢᠭ ᠲᠤ ᠬᠦᠷᠴᠦ ᠪᠠᠶᠢᠨ᠎ᠠ᠃    ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠶᠢ ᠦᠢᠯᠡᠳᠪᠦᠷᠢᠯᠡᠬᠦ ᠳᠤ ᠴᠢᠨᠠᠷ ᠰᠠᠶᠢᠳᠠᠢ ᠰᠢᠰᠢ ᠪᠠ ᠡᠷᠳᠡᠨᠢ ᠰᠢᠰᠢ ᠶᠢ  ᠰᠤᠩᠭᠤᠨ ᠲᠦᠬᠦᠭᠡᠢ ᠮᠠᠲ᠋ᠧᠷᠢᠶᠠᠯ  ᠪᠤᠯᠭᠠᠵᠤ᠂  ᠲᠤᠬᠠᠢ ᠶᠢᠨ ᠭᠠᠵᠠᠷ ᠤᠨ ᠢᠶᠠᠨ ᠤᠯᠠᠨ ᠠᠴᠠ ᠲᠠᠪᠠᠭᠤ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠢ ᠠᠰᠢᠭᠯᠠᠨ᠂  ᠤᠳᠠᠭᠠᠨ ᠵᠢᠯ  ᠤᠯᠠᠮᠵᠢᠯᠠᠵᠤ ᠢᠷᠡᠭᠰᠡᠨ ᠦᠪᠡᠷᠮᠢᠴᠡ ᠠᠷᠭ᠎ᠠ ᠮᠡᠷᠭᠡᠵᠢᠯ᠂ ᠰᠢᠨᠵᠢᠯᠡᠬᠦ ᠤᠬᠠᠭᠠᠨᠴᠢ ᠨᠠᠶᠢᠷᠠᠯᠭ᠎ᠠ   ᠪᠠᠷ ᠨᠡᠷᠡᠵᠦ ᠪᠦᠳᠦᠭᠡᠭᠰᠡᠨ ᠶᠤᠮ᠃  ᠦᠢᠯᠡᠳᠪᠦᠷᠢᠯᠡᠬᠦ ᠶᠠᠪᠤᠴᠠ   ᠶᠢ ᠲᠤᠶᠢᠮᠤᠴᠢᠯᠠᠪᠠᠯ᠂  ᠰᠢᠰᠢ ᠪᠠ ᠡᠷᠳᠡᠨᠢ ᠰᠢᠰᠢ ᠵᠡᠷᠭᠡ ᠠᠮᠤ ᠪᠤᠳᠠᠭ᠎ᠠ ᠪᠠᠨ ᠬᠠᠳᠠᠭ ᠲᠦᠯᠦᠪ ᠢᠶᠠᠷ ᠨᠢ ᠢᠰᠭᠡᠭᠰᠡᠨ ᠤ ᠲᠠᠷᠠᠭ᠎ᠠ᠂ ᠠᠭᠤᠷᠰᠢᠭᠤᠯᠤᠨ ᠨᠡᠷᠡᠬᠦ ᠠᠷᠭ᠎ᠠ ᠪᠠᠷ ᠲᠡᠬᠦᠨ ᠤ ᠲᠤᠳᠤᠷᠠᠬᠢ ᠡᠲ᠋ᠢᠯ ᠠᠯᠺᠤᠯ ︵ᠰᠫᠢᠷᠲ︶ ᠂  ᠡᠰᠲ᠋ᠧᠷ ᠮᠡᠳᠦ ᠶᠢᠨ ᠪᠦᠷᠢᠯᠳᠦᠬᠦᠨ ᠢ ᠬᠡᠢ  ᠪᠡᠶᠡᠵᠢᠬᠦᠯᠦᠨ᠎ᠡ᠃  ᠲᠡᠬᠦᠨ ᠢᠶᠠᠨ  ᠬᠦᠷᠦᠭᠡᠨ ᠴᠠᠷᠴᠠᠭᠠᠭᠠᠳ᠂  ᠰᠤᠩᠭᠤᠨ ᠰᠢᠷᠭᠠᠭᠠᠬᠤ ᠠᠷᠭ᠎ᠠ  ᠮᠡᠷᠭᠡᠵᠢᠯ ᠢᠶᠠᠷ ᠨᠢᠬᠡ ᠪᠦᠯᠦᠭ ᠨᠡᠷᠡᠮᠡᠯ ᠰᠢᠩᠬᠡᠨ ᠢ ᠢᠯᠭᠠᠨ ᠠᠪᠤᠪᠠᠯ᠂ ᠠᠮᠳᠠ ᠰᠢᠮ᠎ᠡ ᠲᠠᠢ ᠬᠠᠷ᠎ᠠ ᠠᠷᠢᠬᠢ ᠭᠠᠷᠬᠤ ᠪᠤᠯᠤᠨ᠎ᠠ᠃  ᠲᠡᠭᠡᠬᠦ ᠳᠡᠭᠡᠨ ᠦᠢᠯᠡᠳᠪᠦᠷᠢᠯᠡᠬᠦ ᠠᠷᠭ᠎ᠠ ᠮᠡᠷᠭᠡᠵᠢᠯ ᠤᠨ ᠲᠠᠯ᠎ᠠ  ᠪᠠᠷ ᠲᠤᠶᠢᠯ ᠤᠨ ᠨᠠᠷᠢᠨ ᠨᠢᠬᠳᠠ᠂ ᠲᠤᠰᠬᠠᠢ ᠮᠡᠷᠭᠡᠵᠢᠯ ᠤᠨ ᠴᠢᠨᠠᠷᠳᠠᠢ ᠪᠠᠶᠢᠵᠤ᠂  ᠭᠤᠭᠴᠤᠭ᠎ᠠ ᠨᠢᠬᠡᠪᠦᠷᠢ᠂ ᠠᠯᠬᠤᠮ ᠨᠢᠬᠡᠪᠦᠷᠢ᠂  ᠤᠨᠴᠠᠭᠠᠶᠢᠯᠠᠨ ᠲᠤᠯᠠᠭᠠᠨ ᠤ ᠬᠡᠮᠵᠢᠶ᠎ᠡ ᠶᠢ ᠡᠵᠡᠮᠳᠡᠬᠦ ᠲᠠᠯᠠᠪᠡᠷ ᠤᠳᠠᠭᠠᠨ ᠵᠢᠯ ᠤᠨ ᠲᠤᠷᠰᠢᠯᠭ᠎ᠠ ᠬᠤᠷᠠᠮᠳᠤᠭᠤᠯᠤᠮᠠᠨᠵᠢᠨ ᠰᠠᠶ᠋ᠢ ᠰᠢᠯᠢᠳᠡᠭ ᠰᠠᠶᠢᠨ ᠬᠠᠷ᠎ᠠ ᠠᠷᠢᠬᠢ ᠶᠢ ᠨᠡᠷᠡᠵᠦ ᠲᠡᠶᠢᠯᠳᠡᠭ᠃     ᠭᠡᠴᠢᠨᠡᠨ ᠵᠢᠯ ᠤᠨ ᠲᠤᠷᠰᠢ᠂ ︽ᠲᠠᠯ᠎ᠠ ᠨᠤᠳᠤᠭ︾  ᠬᠠᠷ᠎ᠠ ᠠᠷᠢᠬᠢ ᠨᠢ  ᠤᠯᠤᠰ  ᠂ ᠤᠷᠤᠨ ᠤ ᠲᠤᠰᠬᠠᠢ ᠮᠡᠷᠭᠡᠵᠢᠯᠳᠡᠨ ᠤ ᠪᠦᠯᠬᠦᠮ ᠤᠨ ᠰᠢᠯᠭᠠᠨ ᠪᠠᠶᠢᠴᠠᠭᠠᠯᠳᠠ ᠳᠤ ᠦᠨᠳᠦᠷ ᠦᠨᠡᠯᠡᠯᠳᠡ ᠤᠯᠵᠤ᠂  1979 ᠤᠨ ᠳᠤ ᠦᠪᠡᠷᠳᠡᠭᠡᠨ ᠵᠠᠰᠠᠬᠤ ᠤᠷᠤᠨ   ᠤ ᠲᠦᠷᠦᠬᠦᠦ ᠪᠦᠯᠦᠭ ︽ ᠰᠢᠯᠢᠳᠡᠭ ᠴᠢᠨᠠᠷᠳᠤ ᠪᠦᠳᠦᠭᠡᠭᠳᠡᠬᠦᠨ︾   ᠢᠶᠠᠷ  ᠦᠨᠡᠯᠡᠭᠳᠡᠭᠰᠡᠨ   ᠠᠴᠠ ᠠᠪᠤᠭᠠᠳ ᠤᠳᠤ ᠪᠤᠯᠳᠠᠯ᠎ᠠ  ᠦᠪᠦᠷ ᠮᠤᠩᠭᠤᠯ ᠤᠷᠤᠨ ᠤ ᠨᠡᠷᠡᠳᠦ ᠲᠠᠸᠠᠷ ᠤᠨ ᠲᠡᠮᠳᠡᠭ  ᠂  ᠨᠡᠷᠡᠳᠦ ᠪᠦᠳᠦᠭᠡᠭᠳᠡᠬᠦᠨ ᠪᠤᠯᠵᠤ᠂  ᠫᠠᠨᠠᠮᠠ ᠳᠤ ᠪᠤᠯᠤᠭᠰᠠᠨ ᠲᠡᠯᠡᠬᠡᠢ ᠶᠢᠨ ᠦᠵᠡᠰᠬᠦᠯᠡᠩ ᠳᠤ ᠠᠯᠳᠠᠨ ᠱᠠᠩᠨᠠᠯ ᠲᠤᠰᠤᠭᠰᠠᠨ ᠪᠦᠬᠡᠳ  ︽ᠲᠠᠯ᠎ᠠ ᠨᠤᠳᠤᠭ︾ ᠠᠷᠢᠬᠢᠨ ᠦᠢᠯᠡᠳᠪᠦᠷᠢ ᠨᠢ ᠦᠪᠦᠷ ᠮᠤᠩᠭᠤᠯ ᠤᠨ ᠲᠦᠷᠦᠬᠦᠦ ᠪᠦᠯᠦᠭ A ᠲᠡᠰ ᠤᠨ ᠶᠠᠰᠤ ᠴᠢᠨᠠᠷ ᠤᠨ ᠢᠳᠡᠭᠡᠮᠵᠢᠳᠦ ᠠᠵᠤ ᠠᠬᠤᠶᠢᠯᠠᠯ᠂ ᠲᠦᠷᠦᠬᠦᠦ ᠪᠦᠯᠦᠭ ᠬᠠᠭᠤᠴᠢᠨ ᠨᠡᠷᠡᠮᠵᠢᠳᠦ ᠠᠵᠤ ᠠᠬᠤᠶᠢᠯᠠᠯ ᠪᠤᠯᠵᠤ᠂  ᠪᠦᠬᠦ ᠤᠷᠤᠨ ᠤ ᠭᠡᠷ᠎ᠡ ᠪᠠᠨ ᠰᠠᠬᠢᠭᠰᠠᠨ ᠢᠳᠡᠭᠡᠮᠵᠢᠳᠦ ᠨᠢᠬᠡᠴᠡ ᠵᠡᠷᠭᠡ  ᠪᠠᠷ ᠠᠷᠪᠠᠨ ᠵᠢᠯ  ᠲᠠᠷᠠᠭᠠᠯᠠᠨ ᠦᠨᠡᠯᠡᠭᠳᠡᠵᠦ᠂  ᠡᠯ᠎ᠡ ᠲᠦᠷᠦᠯ ᠤᠨ ᠱᠠᠩᠨᠠᠯ ᠬᠦᠬᠢᠬᠦᠯᠦᠯ ᠢ 60 ᠭᠠᠷᠤᠢ ᠤᠳᠠᠭ᠎ᠠ ᠬᠦᠷᠳᠡᠭᠰᠡᠨ ᠪᠠᠶᠢᠨ᠎ᠠ᠃  ︽ᠲᠠᠯ᠎ᠠ ᠨᠤᠳᠤᠭ︾ ᠲᠡᠮᠳᠡᠭᠳᠦ ᠬᠠᠷ᠎ᠠ ᠠᠷᠢᠬᠢ ᠨᠢ ᠪᠠᠰᠠ 2006 ᠤᠨ ᠪᠠ 2008 ᠤᠨ ᠤ ᠪᠦᠬᠦ ᠤᠯᠤᠰ ᠤᠨ ᠪᠦᠳᠦᠭᠡᠭᠳᠡᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠳᠤ ︽ᠰᠢᠯᠢᠳᠡᠭ ᠪᠦᠳᠦᠭᠡᠭᠳᠡᠬᠦᠨ︾ ᠢᠶᠠᠷ ᠦᠨᠡᠯᠡᠭᠳᠡᠵᠦ᠂  ᠦᠪᠦᠷ ᠮᠤᠩᠭᠤᠯ ᠤᠷᠤᠨ ᠤ ᠠᠷᠢᠬᠢᠨ ᠤ ᠲᠦᠷᠦᠯ ᠤᠨ ᠪᠦᠳᠦᠭᠡᠭᠳᠡᠬᠦᠨ  ᠤ ᠲᠤᠳᠤᠷ᠎ᠠ ᠠᠴᠠ ᠲᠤᠰ ᠢᠷᠠᠭᠤ ᠠᠯᠳᠠᠷ ᠢ ᠬᠦᠷᠳᠡᠭᠰᠡᠨ ᠴᠤᠷ ᠤᠨ ᠭᠠᠭᠴᠠ ᠪᠦᠳᠦᠭᠡᠭᠳᠡᠬᠦᠨ ᠪᠤᠯᠵᠠᠢ᠃ 2015 ᠤᠨ ᠳᠤ  ᠲᠠᠶᠢᠹᠤᠰᠧ ᠬᠤᠰᠢᠭᠤ  ︽ᠲᠠᠯ᠎ᠠ ᠨᠤᠳᠤᠭ︾ ᠠᠷᠢᠬᠢ ᠨᠡᠷᠡᠬᠦ ᠮᠡᠷᠭᠡᠵᠢᠯ ᠢ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠪᠦᠷᠢᠳᠭᠡᠬᠦᠯᠪᠡ᠃      ᠤᠯᠠᠮᠵᠢᠯᠠᠭᠴᠢ   ᠶᠢᠨ ᠲᠤᠪᠴᠢ ᠲᠠᠨᠢᠯᠴᠠᠭᠤᠯᠭ᠎ᠠ᠄  ᠮᠢᠩ ᠶᠤᠸᠠᠢ ᠵᠠᠩ᠂  ᠡᠷᠡᠭᠳᠡᠢ᠂  ᠬᠢᠳᠠᠳ ᠦᠨᠳᠦᠰᠦᠳᠡᠨ᠂ 1964 ᠤᠨ ᠳᠤ ᠲᠦᠷᠦᠪᠡ᠃  ᠲᠠᠶᠢᠹᠤᠰᠧ ᠬᠤᠰᠢᠭᠤᠨ ᠤ  ᠬᠦᠮᠦᠨ᠃ ᠠᠷᠢᠬᠢ ᠨᠡᠷᠡᠬᠦ ᠠᠵᠢᠯ  ᠢ 20 ᠭᠠᠷᠤᠢ ᠵᠢᠯ ᠬᠢᠵᠦ᠂ ︽ᠲᠠᠯ᠎ᠠ ᠨᠤᠳᠤᠭ︾  ᠲᠡᠮᠳᠡᠭᠳᠦ ᠬᠠᠷ᠎ᠠ ᠠᠷᠢᠬᠢ ᠨᠡᠷᠡᠬᠦ ᠲᠡᠭᠡᠳᠦ ᠲᠡᠰ ᠤᠨ ᠮᠠᠰᠲ᠋ᠧᠷ ᠪᠤᠯᠵᠠᠢ᠃ ᠠᠷᠢᠬᠢ ᠨᠡᠷᠡᠬᠦ ᠤᠯᠠᠮᠵᠢᠯᠠᠯᠳᠤ ᠮᠡᠷᠭᠡᠵᠢᠯ ᠢ ᠤᠯᠠᠮ ᠰᠠᠶᠢᠨ  ᠬᠠᠮᠠᠭᠠᠯᠠᠨ ᠬᠦᠭᠵᠢᠬᠦᠯᠬᠦ ᠶᠢᠨ ᠲᠦᠯᠦᠬᠡ᠂  ᠲᠡᠷᠡᠪᠡᠷ ᠦᠷᠬᠦᠯᠵᠢ ᠦᠢᠯᠡᠳᠪᠦᠷᠢ ᠶᠢᠨ ᠲᠠᠰᠤᠭ ᠲᠤ ᠪᠡᠶ᠎ᠡ ᠪᠠᠷ ᠢᠶᠠᠨ ᠬᠦᠨᠵᠡᠭᠡᠶᠢᠷᠡᠨ᠂   ᠠᠵᠢᠯᠴᠢᠳ ᠢᠶᠠᠨ ᠵᠢᠭᠠᠨ ᠵᠢᠯᠤᠭᠤᠳᠴᠤ  ᠂ ᠮᠡᠷᠭᠡᠵᠢᠯ ᠢᠶᠠᠨ ᠲᠠᠰᠤᠷᠠᠯᠳᠠ ᠦᠬᠡᠢ  ᠲᠡᠭᠡᠭᠰᠢᠯᠡᠬᠦᠯᠳᠡᠭ  ᠪᠤᠯᠬᠤᠷ  ᠠᠵᠤ ᠠᠬᠤᠶᠢᠯᠠᠯ ᠨᠢ ᠬᠤᠯᠠ  ᠤᠶᠢᠷ᠎ᠠ ᠳᠠᠭᠠᠨ ᠨᠡᠷ᠎ᠡ  ᠠᠯᠳᠠᠷᠰᠢᠨ᠂  ᠪᠦᠳᠦᠭᠡᠭᠳᠡᠬᠦᠨ ᠨᠢ ᠤᠯᠤᠰ ᠤᠷᠤᠨ ᠤ ᠨᠡᠷᠡᠳᠦ ᠲᠡᠮᠳᠡᠭ ᠪᠤᠯᠵᠤ᠂  ᠦᠪᠡᠷ ᠤᠨ ᠪᠡᠶ᠎ᠡ ᠨᠢ ᠴᠤ ᠬᠤᠰᠢᠭᠤ ᠨᠤᠳᠤᠭ ᠤᠨ ᠢᠶᠠᠨ ᠨᠡᠷ᠎ᠡ ᠴᠤᠤ ᠲᠠᠢ ᠠᠵᠤ ᠠᠬᠤᠶᠢᠯᠠᠯᠳᠠᠨ ᠪᠤᠯᠤᠭᠰᠠᠨ ᠪᠠᠶᠢᠨ᠎ᠠ᠃  2013 ᠤᠨ ᠳᠤ ᠤᠨ ᠳᠤ  ᠬᠤᠰᠢᠭᠤᠨ ᠤ ᠲᠡᠰ ᠤᠨ ᠲᠦᠯᠦᠭᠡᠯᠡᠭᠴᠢ ᠴᠢᠨᠠᠷᠳᠠᠢ  ᠦᠪᠯᠡᠨ ᠤᠯᠠᠮᠵᠢᠯᠠᠭᠴᠢ  ᠪᠤᠯᠵᠤ᠂  2015 ᠤᠨ ᠳᠤ ᠠᠶᠢᠮᠠᠭ ᠤᠨ ᠲᠡᠰ ᠤᠨ ᠦᠪᠯᠡᠨ ᠤᠯᠠᠮᠵᠢᠯᠠᠭᠴᠢ ᠪᠤᠯᠪᠠ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号