ᠬᠢᠮᠳᠠ ᠨᠡᠭᠦᠷᠡᠰᠦ ᠲᠠᠷᠬᠠᠭᠠᠵᠤ ᠡᠪᠦᠯ ᠤᠨ ᠲᠤᠯᠠᠭᠠᠯᠠᠭ᠎ᠠ ᠶᠢ ᠪᠠᠳᠤᠯᠠᠨ᠎ᠠ
ᠨᠡᠶᠢᠲᠡᠯᠡᠭᠰᠡᠨ ᠴᠠᠭ᠄
2023/10/30
   ᠠᠭᠤᠷ ᠠᠮᠢᠰᠬᠤᠯ ᠬᠦᠢᠲᠡᠷᠡᠬᠦ ᠶᠢ ᠲᠠᠭᠠᠯᠳᠤᠭᠠᠳ᠂ ᠡᠪᠦᠯ ᠤᠨ ᠲᠤᠯᠠᠭᠠᠯᠠᠭ᠎ᠠ ᠨᠢ ᠣᠯᠠᠨ ᠲᠦᠮᠡᠨ ᠤ ᠬᠠᠮᠤᠭ   ᠠᠴᠠ ᠢᠯᠡᠭᠦᠦ ᠰᠠᠨᠠᠭᠠᠰᠢᠷᠠᠬᠤ ᠶᠠᠪᠤᠳᠠᠯ ᠪᠣᠯᠵᠠᠢ᠃ ᠡᠨᠡᠬᠦ ᠠᠷᠠᠳ ᠤᠨ ᠠᠮᠢᠳᠤᠷᠠᠯ ᠤᠨ ᠪᠠᠳᠤᠯᠠᠭᠠᠨ ᠤ ᠠᠵᠢᠯ ᠢ ᠦᠨᠡᠨᠬᠦ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠨᠡᠭᠦᠷᠡᠰᠦ ᠬᠤᠳᠠᠯᠳᠤᠨ ᠠᠪᠴᠤ ᠳᠡᠶᠢᠯᠬᠦ ᠶᠢ ᠪᠠᠲᠤᠯᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠢᠨ ᠡᠷᠳᠡ ᠠᠴᠠ ᠬᠥᠳᠡᠯᠦᠯᠴᠡᠵᠦ᠂ ᠡᠷᠲᠡ ᠠᠴᠠ ᠵᠤᠯᠭᠠᠭᠤᠯᠤᠨ᠂   ᠨᠡᠭᠦᠷᠡᠰᠦ ᠲᠠᠷᠬᠠᠭᠠᠬᠤ ᠠᠵᠢᠯ ᠢ ᠴᠠᠭ ᠢ ᠵᠠᠪᠳᠤᠨ ᠡᠮᠬᠢ ᠵᠢᠷᠤᠮ ᠲᠠᠢ ᠥᠷᠨᠢᠭᠦᠯᠵᠦ᠂ ᠤᠯᠠᠨ ᠲᠦᠮᠡᠨ ᠤ ᠵᠣᠭᠤᠰ ᠮᠥᠩᠭᠦ ᠶᠢ ᠠᠷᠪᠢᠯᠠᠨ᠂ ᠰᠡᠳᠬᠢᠯ ᠰᠠᠨᠠᠭ᠎ᠠ ᠶᠢ ᠠᠮᠤᠷᠵᠢᠭᠤᠯᠤᠭᠰᠠᠨ ᠪᠠᠶᠢᠨ᠎ᠠ᠃ 10 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤᠨ ᠤ  ᠬᠢᠮᠳᠠ ᠦᠨ᠎ᠡ ᠶᠢᠨ ᠨᠡᠭᠦᠷᠡᠰᠦ ᠲᠠᠷᠬᠠᠭᠠᠬᠤ ᠠᠵᠢᠯ ᠵᠢᠩᠬᠢᠨᠢ ᠪᠠᠷ ᠡᠬᠢᠯᠡᠪᠡ᠃ ᠠᠬᠤᠢ ᠲᠠᠯᠠᠪᠠᠢ ᠳᠤ  ᠂ ᠲᠡᠭᠡᠭᠡᠬᠦ᠂ ᠵᠢᠩᠯᠡᠬᠦ᠂  ᠲᠠᠩᠰᠠᠯᠠᠬᠤ ᠵᠡᠷᠭᠡ ᠪᠦᠬᠦ᠋ᠢᠯᠡ ᠠᠵᠢᠯ ᠠᠵᠢᠯᠲᠠᠨ ᠤ ᠵᠢᠯᠣᠭᠤᠳᠤᠯᠭ᠎ᠠ ᠳᠣᠣᠷ᠎ᠠ ᠡᠮᠬᠢ ᠳᠢᠭᠯᠢᠮ ᠲᠠᠢ ᠶᠠᠪᠤᠭᠳᠠᠵᠤ᠂  ᠦᠢ ᠤᠯᠠᠨ ᠮᠠᠰᠢᠨ ᠬᠦᠰᠭᠡ ᠨᠦᠭᠦᠳ ᠠᠴᠢᠶ᠎ᠠ ᠳᠦᠭᠦᠷᠡᠩ ᠨᠡᠬᠦᠷᠡᠰᠦ ᠲᠡᠭᠡᠭᠡᠭᠡᠳ ᠬᠠᠷᠢᠬᠤ ᠨᠢ ᠬᠠᠷᠠᠭᠳᠠᠨ᠎ᠠ᠃      ᠲᠠᠷᠢᠶᠠᠴᠢᠨ ᠲᠢᠶᠠᠨ ᠬᠠᠢ ᠪᠢᠨ᠄ ︽ ᠲᠣᠨ ᠪᠦᠷᠢ ᠳᠡᠭᠡᠨ 391.5 ᠲᠥᠭᠦᠷᠢᠭ ᠤᠨ ᠦᠨ᠎ᠡ ᠪᠠᠷ 3 ᠲᠣᠨ ᠨᠡᠭᠦᠷᠡᠰᠦ ᠬᠤᠳᠠᠯᠳᠤᠨ ᠠᠪᠴᠠᠢ᠂ ᠡᠨᠡ  ᠵᠢᠯ ᠤᠨ ᠨᠡᠬᠦᠷᠡᠰᠦᠨ ᠤ ᠴᠢᠨᠠᠷ ᠨᠢ ᠴᠦ ᠨᠡᠯᠢᠶᠡᠳ ᠰᠠᠶᠢᠨ᠂ ᠥᠴᠥᠭᠡᠳᠦᠷ   ᠪᠠᠰᠠ ᠨᠢᠭᠡ ᠲᠡᠷᠭᠡ ᠲᠡᠭᠡᠭᠡᠵᠡᠢ᠂ ᠬᠠᠷᠢᠭᠰᠠᠨ ᠤ ᠪᠠᠨ ᠳᠠᠷᠠᠭ᠎ᠠ  ᠰᠢᠳᠠᠭᠠᠵᠤ ᠦᠵᠡᠭᠰᠡᠨ ᠳᠤ ᠨᠡᠯᠢᠶᠡᠳ ᠰᠠᠶᠢᠨ ᠪᠠᠶᠢᠨ᠎ᠠ᠂  ᠤᠯᠠᠨ ᠢᠶᠠᠷ ᠢᠶᠠᠨ ᠦᠵᠡᠭᠡᠳ ᠪᠦᠷ ᠶᠡᠭᠡ ᠰᠠᠶᠢᠨ ᠭᠡᠵᠦ ᠪᠠᠶᠢᠭᠰᠠᠨ᠂ ᠥᠨᠥᠳᠥᠷ ᠪᠠᠰᠠ ᠨᠢᠭᠡ ᠲᠡᠷᠭᠡ   ᠲᠡᠭᠡᠭᠡᠬᠦ ᠪᠠᠷ ᠢᠷᠡᠯ᠎ᠡ︾ ᠭᠡᠨ᠎ᠡ᠃      ᠬᠢᠮᠳᠠ ᠨᠡᠭᠦᠷᠡᠰᠦᠨ ᠤ ᠬᠠᠩᠭᠠᠯᠭ᠎ᠠ ᠨᠢ ᠮᠠᠯᠴᠢᠨ ᠲᠠᠷᠢᠶᠠᠴᠢᠨ ᠤ ︽ᠰᠠᠨᠠᠭᠠᠰᠢᠷᠠᠵᠤ ᠵᠤᠪᠠᠵᠤ ᠬᠦᠰᠡᠵᠦ ᠬᠠᠷᠠᠵᠤ︾ ᠪᠠᠶᠢᠭᠰᠠᠨ ᠠᠰᠠᠭᠤᠳᠠᠯ ᠢ ᠰᠢᠢᠳᠪᠦᠷᠢᠯᠡᠵᠡᠢ᠃ ᠣᠶᠢᠯᠠᠭᠠᠭᠰᠠᠨ ᠢᠶᠠᠷ᠂ ᠨᠠᠮᠤᠷ ᠤᠷᠤᠭᠰᠠᠨ ᠠᠴᠠ ᠨᠠᠰᠢ ᠲᠠᠶᠢᠹᠤᠰᠧ ᠬᠤᠰᠢᠭᠤ ᠨᠢ ᠬᠢᠮᠳᠠ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠪᠡᠯᠡᠳᠬᠡᠯ ᠠᠵᠢᠯ ᠢ ᠡᠬᠢᠯᠡᠬᠦᠯᠦᠭᠡᠳ᠂  ᠬᠠᠷᠢᠯᠴᠠᠵᠤ ᠲᠤᠭᠳᠠᠬᠤ᠂ ᠵᠦᠭᠡᠭᠡᠪᠦᠷᠢᠯᠡᠵᠦ ᠤᠷᠤᠭᠤᠯᠬᠤ ᠵᠡᠷᠭᠡ ᠵᠠᠩᠭᠢᠯᠠᠭ᠎ᠠ ᠶᠢᠨ ᠠᠵᠢᠯ ᠢ ᠪᠦᠲᠦᠮᠵᠢᠲᠡᠶ ᠮᠦᠷᠳᠡᠭᠡᠨ ᠲᠦᠷᠭᠡᠨ ᠥᠷᠨᠢᠭᠦᠯᠵᠦ᠂  ᠮᠠᠯᠴᠢᠨ ᠲᠠᠷᠢᠶᠠᠴᠢᠨ ᠡᠷᠦᠬᠡ ᠶᠢᠨ ᠡᠪᠦᠯ ᠠᠴᠠ ᠡᠮᠦᠨ᠎ᠡ ᠨᠡᠭᠦᠷᠡᠰᠦ ᠪᠠᠨ ᠪᠡᠯᠡᠳᠭᠡᠬᠦ ᠶᠢ ᠦᠨᠡᠨᠬᠦ ᠪᠠᠳᠤᠯᠠᠭᠰᠠᠨ ᠪᠠᠶᠢᠨ᠎ᠠ᠃ ᠣᠲᠣ ᠪᠣᠯᠲᠠᠯ᠎ᠠ ᠨᠢᠭᠡᠨᠲᠡ 5211.7 ᠲᠣᠨ  ᠬᠢᠮᠳᠠ ᠨᠡᠭᠦᠷᠡᠰᠦ ᠶᠢ ᠵᠥᠭᠡᠭᠡᠪᠦᠷᠢᠯᠡᠨ   ᠤᠷᠤᠭᠤᠯᠤᠭᠠᠳ᠂ 530 ᠡᠷᠦᠬᠡ ᠳᠤ  ᠨᠡᠶᠢᠳᠡ 1770 ᠲᠣᠨ ᠨᠡᠬᠦᠷᠡᠰᠦ   ᠶᠢ ᠲᠠᠷᠬᠠᠭᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号