10 ᠰᠠᠷ᠎ᠠ ᠶᠢᠨ 26 ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶ᠎ᠠ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠢᠵᠦ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠸ ᠶᠢᠩ ᠵᠦᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠰᠢᠩ ᠵᠥᠩ ᠬᠤᠷᠠᠯ ᠢ ᠡᠷᠭᠢᠯᠡᠪᠡ᠃ ᠬᠤᠷᠠᠯ | ᠲᠡᠭᠡᠷ᠎ᠡ᠂ ︽ᠭᠠᠴᠠᠭ᠎ᠠ ᠲᠣᠰᠬᠤᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ | ᠲᠤᠤᠱᠯᠠᠭᠤᠯᠬᠤ ᠲᠤᠬᠠᠢ ᠬᠡᠷᠡᠭᠵᠢᠭᠦᠯᠬᠦ ᠲᠦᠰᠦᠪ︾ ᠢ ᠲᠠᠶᠢᠯᠪᠤᠷᠢᠯᠠᠨ ᠰᠤᠷᠤᠯᠴᠠᠵᠤ᠂ ᠣᠶᠢᠷ᠎ᠠ ᠶᠢᠨ | ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠪᠦᠬᠦ | ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠡᠭᠦᠷ ᠨᠢ ᠤᠯᠤᠰ ᠲᠥᠷᠥ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠲᠣᠭᠲᠠᠭᠰᠠᠨ ᠬᠥᠳᠡᠯᠦᠯ ᠪᠣᠯᠣᠨ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠨᠤᠯ ᠤᠨ ᠰᠤᠷᠤᠯᠴᠠᠯᠭ᠎ᠠ ᠶᠢᠨ ᠲᠠᠯ᠎ᠠ ᠪᠠᠷ ᠤᠶᠤᠨ | ᠲᠠᠷᠢᠬᠢᠨ ᠳᠠᠭᠠᠨ ᠬᠠᠳᠠᠩᠰᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠲᠠᠯ᠎ᠠ ᠪᠠᠷ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠵᠦ᠂ ᠪᠠᠶᠢᠴᠠᠭᠠᠨ ᠲᠡᠯᠬᠡᠵᠦ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠦᠨᠡᠨᠬᠦ ᠵᠠᠯᠠᠷᠠᠭᠤᠯᠤᠨ | ᠪᠤᠳᠠᠳᠠᠢ ᠰᠠᠶᠢᠵᠢᠷᠠᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ | ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠤᠪᠤᠷ ᠰᠤᠷᠲᠠᠯ ᠢ ᠴᠡᠭᠴᠡᠯᠡᠬᠦ᠂ ᠰᠤᠷᠤᠯᠴᠠᠯᠭ᠎ᠠ ᠪᠠᠷ ᠠᠵᠢᠯ | ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠭᠡᠷᠡᠭᠳᠡᠢ ᠬᠡᠵᠦ | ᠱᠠᠭᠠᠷᠳᠠᠭᠰᠠᠨ ᠪᠠᠶᠢᠨ᠎ᠠ᠃ ᠭᠤᠣ ᠶᠢᠩ ᠵᠦᠸᠧ ᠳ᠋ᠦᠩᠨᠡᠯᠲᠡ ᠶᠢᠨ ᠶᠠᠷᠢᠶᠠᠨ ᠳᠠᠭᠠᠨ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠪᠣᠯ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ | ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠠᠪᠤᠳᠠᠯ ᠪᠣᠯᠣᠨ᠎ᠠ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠪᠦᠬᠦ ᠨᠠᠮ ᠤᠨ ᠭᠡᠰᠢᠭᠦᠨ ᠺᠠᠳ᠋ᠷᠴᠤᠳ | ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠷ ᠭᠤᠣᠯ ᠰᠡᠳᠦᠪᠲᠦ ᠬᠥᠮᠦᠵᠢᠯ ᠤᠨ ᠡᠯ᠎ᠡ | ᠲᠦᠷᠦᠯ ᠤᠨ ᠠᠵᠢᠯ ᠢ ᠰᠠᠶᠢᠲᠤᠷ ᠠᠳᠬᠤᠵᠤ᠂ ᠤᠨᠤᠯ ᠤᠨ ᠰᠤᠷᠤᠯᠴᠠᠯᠭ᠎ᠠ ᠶᠢ ᠡᠬᠢᠨ ᠠᠴᠠ ᠲᠡᠬᠦᠰᠳᠡᠯ᠎ᠡ | ᠲᠤᠤᠱᠯᠠᠭᠤᠯᠤᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠬᠤ | ᠴᠢᠬᠤᠯᠠ ᠠᠵᠠ ᠲᠣᠬᠢᠶᠠᠯ ᠪᠣᠯᠭᠠᠬᠤ ᠬᠡᠷᠡᠭᠲᠡᠢ᠃ ᠪᠠᠯᠭᠠᠰᠤᠨ ᠤ ᠤᠳᠤᠷᠢᠳᠬᠤ ᠪᠠᠭ ᠪᠣᠯᠣᠨ ᠪᠠᠶᠢᠭᠤᠯᠭ᠎ᠠ | ᠨᠢᠭᠡᠴᠡ ᠶᠢᠨ ᠬᠠᠷᠢᠭᠤᠴᠠᠯᠭᠠᠲᠠᠨ ᠨᠠᠷ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ ᠲᠠᠶᠢᠴᠢᠯᠠᠨ ᠲᠠᠭᠠᠭᠤᠯᠬᠤ | ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ᠂ | ᠲᠠᠭᠠᠭᠠᠴᠢᠯᠠᠭᠰᠠᠨ ᠠᠶᠢᠯ ᠲᠣᠰᠬᠤᠨ ᠢᠶᠠᠷ ᠢᠶᠠᠨ ᠰᠠᠭᠤᠷᠢ ᠪᠤᠯᠭᠠᠨ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ | ᠵᠢᠯᠣᠭᠤᠳᠤᠯᠭ᠎ᠠ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠰᠡᠳᠦᠪᠲᠦ | ᠬᠥᠮᠦᠵᠢᠯ ᠤᠨ ︽ ᠲᠤᠭᠳᠠᠮᠠᠯ ᠠᠵᠢᠯᠯᠠᠭ᠎ᠠ︾ ᠨᠢ ᠬᠡᠯᠪᠡᠶᠢᠬᠦ ᠦᠭᠡᠢ ᠪᠠᠶᠢᠬᠤ᠂ ︽ᠰᠤᠩᠭᠤᠮᠠᠯ ᠠᠵᠢᠯᠯᠠᠭ᠎ᠠ︾ ᠨᠢ | ᠥᠪᠡᠷᠮᠢᠴᠡ ᠣᠨᠴᠠᠯᠢᠭ ᠲᠠᠢ ᠪᠠᠶᠢᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠡᠭᠦᠷ ᠤᠨ | ᠱᠦᠵᠢ ᠨᠠᠷ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠤᠨ᠂ ᠤᠳᠤᠷᠢᠳᠬᠤ ᠪᠠᠭ ᠤᠨ ᠲᠤᠰ ᠪᠡᠶ᠎ᠡ ᠪᠠᠨ ᠰᠠᠶᠢᠲᠤᠷ | ᠠᠳᠬᠤᠬᠤ ᠪᠠᠷ ᠪᠠᠷᠠᠬᠤ ᠦᠭᠡᠢ᠂ ᠨᠠᠮ ᠤᠨ ᠡᠭᠦᠷ ᠤᠨ ᠭᠡᠰᠢᠬᠦᠳ ᠤᠨ ᠤᠨᠤᠯ ᠤᠨ ᠰᠤᠷᠤᠯᠴᠠᠯᠭ᠎ᠠ᠂ ᠠᠷᠠᠳ | ᠲᠦᠮᠡᠨ ᠳᠤ ᠦᠢᠯᠡᠴᠢᠯᠡᠬᠦ᠂ ᠪᠠᠶᠢᠴᠠᠭᠠᠨ ᠲᠡᠯᠬᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠦᠯ ᠬᠤᠪᠢᠶᠠᠨ | ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠨᠢᠭᠡ ᠬᠥᠮᠥᠨ ᠢ ᠴᠦ ᠬᠤᠴᠣᠷᠤᠭᠤᠯᠬᠤ ᠦᠭᠡᠢ᠂ ᠪᠦᠬᠦ ᠲᠠᠯ᠎ᠠ | ᠶᠢ ᠬᠠᠮᠤᠷᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠵᠠᠢ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ | ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠪᠠᠯᠭᠠᠰᠤᠨ ᠤ ᠨᠠᠮ ᠤᠨ ᠡᠭᠦᠷ ᠤᠨ ᠭᠡᠰᠢᠬᠦᠳ ᠵᠢᠴᠢ ᠡᠯ᠎ᠡ | ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ |