ᠬᠤᠩ ᠴᠢ ᠪᠠᠯᠭᠠᠰᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/10/30
ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠬᠦᠯᠵᠦ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠤᠯᠠᠮ ᠰᠢᠯᠤᠭᠤᠳᠬᠠᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠥᠨᠳᠥᠷ ᠪᠦᠲᠦᠮᠵᠢᠲᠡᠢ ᠪᠠᠷ ᠠᠬᠢᠭᠤᠯᠬᠤ ᠶᠢᠨ ᠲᠦᠯᠦᠭᠡ᠂ 10 ᠰᠠᠷ᠎ᠠ ᠶᠢᠨ 26  ᠤ  ᠡᠳᠦᠷ ᠬᠤᠩ ᠴᠢ ᠪᠠᠯᠭᠠᠰᠤ ᠨᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠪᠣᠯᠪᠠᠰᠤᠷᠠᠯ ᠡᠷᠬᠢᠯᠡᠪᠡ᠃ ᠳᠡᠳ᠋ ᠪᠠᠯᠭᠠᠰᠤᠨ ᠳᠠᠷᠤᠭ᠎ᠠ ᠵᠢᠶᠠ ᠶᠠᠨ ᠬᠤᠷᠠᠯ ᠢ ᠡᠷᠬᠢᠯᠡᠵᠦ᠂ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ  ᠲᠤᠪᠴᠢᠶᠠᠨ ᠤ ᠳᠡᠳ᠋ ᠳᠠᠷᠤᠭ᠎ᠠ ᠼᠦᠢ ᠳ᠋ᠦᠩ ᠱᠧᠩ ᠠᠴᠠ ᠡᠯ᠎ᠡ ᠲᠣᠰᠬᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠳᠤ ᠬᠢᠴᠢᠶᠡᠯ ᠲᠠᠶᠢᠯᠤᠮᠵᠢ ᠬᠢᠵᠡᠢ᠃ ᠡᠨᠡ ᠤᠳᠠᠭᠠᠨ ᠤ ᠪᠣᠯᠪᠠᠰᠤᠷᠠᠯ ᠳᠤ ᠭᠤᠣᠯᠳᠠᠭᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠠᠵᠢᠯ ᠤᠨ ᠵᠠᠷᠴᠢᠮ᠂ ᠣᠷᠣᠯᠠᠨ ᠭᠦᠢᠴᠡᠳᠬᠡᠬᠦ ᠬᠦᠷᠢᠶ᠎ᠡ ᠬᠡᠪᠴᠢᠶ᠎ᠡ᠂ ᠡᠬᠦᠷᠭᠡ ᠬᠠᠷᠢᠭᠤᠴᠠᠯᠭ᠎ᠠ ᠵᠡᠷᠭᠡ ᠲᠠᠯᠠᠪᠠᠷ ᠨᠠᠷᠢᠨ  ᠲᠠᠶᠢᠯᠪᠤᠷᠢ ᠬᠢᠭᠰᠡᠨ ᠪᠠᠶᠢᠨ᠎ᠠ᠃ ᠪᠣᠯᠪᠠᠰᠤᠷᠠᠯ ᠠᠴᠠ᠂  ᠨᠢᠭᠡ ᠳᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠᠨ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ  ᠨᠢᠭᠡᠳᠭᠡᠨ᠂ ᠣᠷᠣᠯᠠᠨ ᠰᠢᠢᠳᠪᠦᠷᠢᠯᠡᠬᠦ ᠠᠵᠢᠯ ᠤᠨ ᠲᠦᠷᠢᠮᠵᠢᠭᠰᠡᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ︽ᠬᠡᠨ ᠣᠷᠣᠯᠠᠬᠤ᠂ ᠬᠡᠨ ᠬᠦᠢᠴᠡᠳᠭᠡᠬᠦ᠂ ᠶᠠᠭᠤ ᠶᠢ ᠣᠷᠣᠯᠠᠬᠤ᠂  ᠶᠠᠭᠠᠬᠢᠵᠤ ᠤᠷᠤᠯᠠᠬᠤ︾ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠣᠷᠣᠯᠠᠨ ᠬᠦᠢᠴᠡᠳᠭᠡᠬᠦ  ᠠᠵᠢᠯ ᠤᠨ ᠵᠥᠷᠢᠴᠡᠯ ᠵᠢᠭᠤᠷᠠᠭᠠᠨ ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠵᠠᠢ᠃ ᠳᠡᠳ᠋ ᠪᠠᠯᠭᠠᠰᠤᠨ ᠳᠠᠷᠤᠭ᠎ᠠ ᠵᠢᠶᠠ ᠶᠠᠨ  ᠠᠴᠠ᠂ ᠡᠯ᠎ᠡ ᠲᠤᠰᠬᠤᠨ ᠤ ᠣᠷᠣᠯᠠᠨ ᠭᠦᠢᠴᠡᠳᠭᠡᠭᠴᠢ ᠨᠢ ᠰᠠᠨᠠᠭᠠᠴᠢᠯᠠᠭ᠎ᠠ ᠠᠴᠠ ᠪᠠᠨ ᠲᠤᠭᠤᠷᠢᠨ ᠰᠤᠷᠪᠤᠯᠵᠢᠯᠠᠬᠤ ᠪᠤᠶᠤ ᠰᠣᠷᠪᠤᠯᠵᠢᠯᠠᠭ᠎ᠠ ᠶᠢ ᠬᠦᠯᠢᠶᠡᠨ ᠠᠪᠬᠤ ᠪᠠᠷ ᠲᠠᠮᠵᠢᠭᠠᠳ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠴᠤᠭᠯᠠᠭᠤᠯᠬᠤ ᠶᠢᠨ ᠬᠠᠮᠲᠤ ᠠᠰᠠᠭᠤᠳᠠᠯ ᠢ ᠢᠳᠡᠪᠬᠢᠲᠡᠢ ᠪᠠᠷ ᠡᠶᠡᠳᠡᠭᠦᠯᠦᠨ ᠰᠢᠢᠳᠪᠦᠷᠢᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠴᠢᠳᠠᠪᠤᠷᠢ ᠪᠠᠨ ᠪᠠᠳᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ  ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠵᠤ  ᠂  ︽ᠪᠠᠭ᠎ᠠ ᠶᠠᠪᠤᠳᠠᠯ ᠢ ᠲᠤᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠵᠢᠭᠤᠷᠠᠭᠠᠨ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠪᠣᠯᠪᠠᠰᠤᠷᠠᠯ ᠳᠤ ᠤᠷᠤᠯᠴᠠᠭᠰᠠᠨ ᠣᠷᠣᠯᠠᠨ ᠭᠦᠢᠴᠡᠳᠭᠡᠭᠴᠢ ᠨᠠᠷ ︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠦᠭᠰᠡᠨ ᠠᠴᠠ ᠨᠠᠰᠢ ᠲᠤᠯᠭᠠᠷᠠᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠤᠶᠢᠰᠢᠳᠠ ᠶᠢᠨ ᠪᠣᠳᠠᠲᠠᠢ ᠠᠵᠢᠯ ᠤᠨ ᠳᠤᠮᠳᠠ ᠪᠠᠨ ᠬᠠᠷᠢᠯᠴᠠᠨ ᠰᠤᠷᠤᠯᠴᠠᠵᠤ ᠬᠠᠷᠢᠯᠴᠠᠨ ᠰᠤᠯᠢᠯᠴᠠᠵᠤ᠂  ᠣᠷᠣᠯᠠᠨ ᠭᠦᠢᠴᠡᠳᠬᠡᠬᠦ ᠳᠦᠷᠢᠮ ᠤᠨ ᠠᠵᠢᠯ ᠢ ᠨᠡᠩ ᠰᠠᠶᠢᠨ ᠠᠬᠢᠭᠤᠯᠤᠨ᠎ᠠ ᠭᠡᠵᠦ ᠢᠯᠡᠷᠭᠡᠶᠢᠯᠡᠵᠡᠭᠡᠪᠡ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号