ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/10/30
    ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 26  ᠤ ᠡᠳᠦᠷ ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ 2023 ᠣᠨ ᠤ 10 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠵᠢᠴᠢ ᠤᠯᠤᠰ ᠲᠦᠷᠦ ᠶᠢᠨ ᠴᠢᠳᠠᠪᠤᠷᠢ ᠰᠡᠳᠬᠢᠬᠦᠢ ᠶᠢᠨ ᠴᠢᠳᠠᠪᠤᠷᠢ ᠦᠢᠯᠡᠳᠦᠯᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠲᠤᠬᠠᠢ ᠰᠤᠳᠤᠯᠤᠨ ᠶᠠᠷᠢᠯᠴᠠᠬᠤ ᠬᠤᠷᠠᠯ ᠡᠷᠬᠢᠯᠡᠪᠡ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠭᠠᠨ ᠵᠢᠯᠤᠭᠤᠳᠴᠠᠢ᠃  ᠰᠤᠮᠤᠨ ᠤ ᠨᠠᠮ ᠤᠨ ᠬᠤᠷᠢᠶᠠᠨ ᠤ ᠱᠦᠵᠢ  ᠤᠷᠬᠢᠯ ᠬᠤᠷᠠᠯ ᠡᠷᠬᠢᠯᠡᠬᠦ ᠶᠠᠷᠢᠶᠠᠨ ᠳᠠᠭᠠᠨ ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠦᠷᠨᠢᠬᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂  ᠡᠬᠦᠷᠭᠡ ᠬᠠᠷᠢᠭᠤᠴᠠᠯᠭ᠎ᠠ ᠴᠤ ᠬᠦᠨᠳᠦ ᠪᠠᠶᠢᠭ᠎ᠠ ᠶᠤᠮ  ᠃  ᠤᠯᠠᠨ ᠢᠶᠠᠷ ᠢᠶᠠᠨ ᠡᠷᠭᠡᠪᠰᠢ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠂ ᠠᠷᠢᠭᠤᠨ ᠴᠢᠬᠡᠴᠢ ᠰᠤᠷᠲᠠᠯ ᠂ ᠠᠷᠪᠢᠴᠢ ᠪᠣᠷᠣᠭᠵᠢᠭᠤᠨ ᠰᠤᠷᠲᠠᠯ ᠢ ᠢ ᠶᠡᠬᠡᠪᠡᠷ ᠪᠠᠳᠠᠷᠠᠭᠤᠯᠤᠨ᠂ ᠦᠷ᠎ᠡ ᠪᠦᠲᠦᠮᠵᠢ ᠶᠢ ᠴᠢᠬᠤᠯᠠᠴᠢᠯᠠᠵᠤ᠂ ᠪᠣᠳᠠᠲᠠᠢ ᠠᠵᠢᠯᠯᠠᠬᠤ ᠶᠢ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠬᠤ ᠭᠡᠷᠡᠭᠳᠡᠢ᠃ ᠤᠳᠤᠷᠢᠳᠬᠤ ᠪᠠᠭ ᠤᠨ ᠭᠡᠰᠢᠬᠦᠳ ᠲᠤᠬᠠᠶᠢᠯᠠᠭᠰᠠᠨ ᠠᠵᠢᠯ ᠳᠠᠭᠠᠨ ᠠᠩᠬᠠᠷᠤᠯ ᠲᠥᠪᠯᠡᠷᠡᠭᠦᠯᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠳᠤ ᠠᠩᠬᠠᠷᠤᠯ ᠲᠥᠪᠯᠡᠷᠡᠭᠦᠯᠵᠦ ᠪᠠᠶᠢᠭᠠᠳ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠤᠮᠤᠨ ᠤ ᠨᠠᠮ ᠤᠨ ᠬᠤᠷᠢᠶᠠᠨ ᠤ ᠲᠡᠳ᠋ ᠱᠦᠵᠢ ᠼᠠᠢ ᠸᠧᠨ ᠰᠢᠦᠢ ᠠᠴᠠ  ᠬᠤᠰᠢᠭᠤ ᠨᠠᠮ ᠤᠨ ᠬᠤᠷᠢᠶᠠᠨ ᠤ ᠲᠠᠷᠬᠠᠭᠠᠭᠰᠠᠨ ︽ᠰᠤᠮᠤ ᠰᠢᠶᠠᠩ ᠪᠠᠯᠭᠠᠰᠤᠨ ᠳᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠦᠰᠦᠪ︾  ᠢ  ᠤᠯᠠᠮᠵᠢᠯᠠᠵᠤ᠂  ᠤᠬᠠᠭᠤᠯᠬᠤ ᠭᠡᠰᠢᠭᠦᠨ  ᠰᠤᠯᠤᠩᠭᠤᠸ᠎ᠠ᠂ ᠵᠣᠬᠢᠶᠠᠨ ᠪᠠᠶᠢᠭᠤᠯᠬᠤ ᠭᠡᠰᠢᠭᠦᠨ ᠸᠠᠩ ᠯᠢ ᠮᠢᠨ ᠠᠴᠠ ︽ᠰᠢ ᠶᠢᠨ ᠫᠢᠩ  ᠤᠨ ᠵᠣᠬᠢᠶᠠᠯ  ᠤᠨ ᠲᠡᠬᠦᠪᠦᠷᠢ︾   ᠶᠢᠨ ᠬᠤᠶᠠᠳᠤᠭᠠᠷ ᠪᠣᠳᠢ ᠪᠣᠯᠣᠨ ︽ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠰᠤᠷᠤᠯᠴᠠᠬᠤ ᠬᠥᠲᠥᠯᠪᠦᠷᠢ︾  ᠶᠢᠨ ᠬᠡᠰᠡᠭ ᠪᠦᠯᠦᠭ  ᠢ ᠳᠠᠭᠠᠭᠤᠯᠤᠨ ᠰᠤᠷᠤᠯᠴᠠᠭᠰᠠᠨ ᠪᠥᠭᠡᠳ ᠤᠯᠤᠰ ᠲᠦᠷᠦ  ᠶᠢᠨ ᠴᠢᠳᠠᠪᠤᠷᠢ ᠰᠡᠳᠬᠢᠬᠦᠢ ᠶᠢᠨ ᠴᠢᠳᠠᠪᠤᠷᠢ ᠦᠢᠯᠡᠳᠦᠯᠭᠡ  ᠶᠢᠨ ᠴᠢᠳᠠᠪᠤᠷᠢ  ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠭᠰᠠᠨ ᠪᠠᠶᠢᠨ᠎ᠠ᠃  ᠰᠡᠴᠡᠨᠴᠣᠭᠲᠤ ᠳ᠋ᠦᠩᠨᠡᠯᠲᠡ ᠶᠢᠨ ᠶᠠᠷᠢᠶ᠎ᠠ ᠲᠠᠯᠪᠢᠬᠤ ᠳᠠᠭᠠᠨ᠂ ᠨᠢᠭᠡ ᠳᠤ ᠠᠵᠢᠯ ᠤᠨ ᠰᠡᠳᠬᠢᠴᠡ ᠪᠠᠨ ᠲᠤᠳᠤᠷᠬᠠᠶᠢᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠨ᠂ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ  ᠤᠨ ᠲᠤᠮᠳᠠ ᠠᠴᠠ ᠵᠢᠮ᠎ᠡ ᠶᠣᠰᠣ ᠶᠢ ᠤᠶᠢᠯᠠᠭᠠᠨ᠂  ᠬᠠᠨᠳᠤᠯᠭ᠎ᠠ ᠴᠢᠭᠯᠡᠯ ᠢᠶᠠᠨ ᠲᠣᠳᠣᠷᠬᠠᠶᠢᠯᠠᠵᠤ᠂ ᠠᠷᠭ᠎ᠠ ᠪᠠᠷᠢᠯ ᠢ ᠰᠤᠷᠤᠯᠴᠠᠨ᠂ ᠤᠶᠤᠨ ᠤᠬᠠᠭᠠᠨ ᠢᠶᠠᠨ ᠨᠡᠮᠡᠭᠳᠡᠭᠦᠯᠬᠦ ᠬᠡᠷᠡᠭᠲᠡᠢ᠃ ᠬᠤᠶᠠᠷ ᠲᠤ ᠬᠦᠨ ᠭᠦᠨᠵᠡᠭᠡᠢ ᠪᠠᠶᠢᠴᠠᠭᠠᠨ ᠰᠤᠳᠤᠯᠤᠯᠲᠠ᠂ ᠯᠠᠪᠳᠠᠭᠤᠨ ᠪᠠᠲᠤᠲᠠᠢ ᠪᠠᠶᠢᠴᠠᠭᠠᠨ ᠰᠤᠳᠤᠯᠤᠯᠲᠠ ᠪᠠᠷ ᠲᠠᠮᠵᠢᠨ ᠠᠵᠢᠯ ᠢᠶᠠᠨ ᠦᠷᠨᠢᠬᠦᠯᠵᠦ᠂ ᠦᠷ᠎ᠡ ᠳ᠋ᠦᠩ ᠨᠢ ᠦᠨᠡᠨ ᠪᠣᠳᠠᠲᠠᠢ ᠪᠠᠶᠢᠬᠤ ᠶᠢ ᠪᠠᠷᠢᠮᠲᠠᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠰᠠᠨ ᠬᠠᠨᠳᠤᠯᠭᠠᠳᠤ ᠴᠢᠨᠠᠷ ᠲᠠᠢ᠂ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠶᠢ ᠠᠪᠴᠤ᠂ ᠦᠷ᠎ᠡ ᠪᠦᠲᠦᠭᠡᠯ ᠤᠨ ᠤᠯᠠᠷᠢᠯᠳᠠ ᠶᠢ ᠠᠬᠢᠭᠤᠯᠬᠤ ᠬᠡᠷᠡᠭᠲᠡᠢ᠃ ᠭᠤᠷᠪᠠ ᠳᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ ᠣᠳᠣᠬᠠᠨ ᠤ ᠪᠣᠳᠠᠲᠠᠢ ᠠᠵᠢᠯ ᠲᠠᠢ ᠪᠠᠨ ᠤᠶᠠᠯᠳᠤᠭᠤᠯᠤᠨ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭᠠᠨ ᠤ ᠳᠤᠮᠳᠠ ᠠᠴᠠ ᠰᠡᠳᠬᠢᠴᠡ ᠶᠢ ᠡᠷᠢᠵᠦ᠂ ᠬᠠᠷᠢᠭᠤᠯᠲᠠ ᠶᠢ ᠡᠷᠢᠵᠦ᠂ ᠠᠷᠭ᠎ᠠ ᠶᠢ ᠡᠷᠢᠵᠦ᠂ ᠭᠤᠣᠯ ᠰᠡᠳᠦᠪᠲᠦ ᠬᠥᠮᠦᠵᠢᠯ ᠤᠨ ᠪᠣᠳᠠᠲᠠᠢ ᠦᠢᠯᠡᠳᠦᠯᠭᠡ ᠳᠤ ᠤᠷᠤᠯᠴᠠᠨ᠂  ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠭᠤᠣᠯ ᠠᠵᠢᠯ ᠢ ᠠᠬᠢᠭᠤᠯᠬᠤ ᠳᠡᠭᠡᠷ᠎ᠡ ᠢᠯᠡᠷᠡᠭᠦᠯᠵᠦ᠂  ᠭᠤᠤᠯ ᠪᠤᠯᠬᠤ ᠠᠵᠢᠯ ᠤᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃ ᠳᠥᠷᠪᠡ ᠳᠤ ᠠᠵᠢᠯ ᠤᠨ ᠠᠷᠭ᠎ᠠ ᠪᠠᠷᠢᠯ ᠢ ᠡᠵᠡᠮᠳᠡᠨ᠂ ᠪᠠᠶᠢᠴᠠᠭᠠᠨ ᠲᠡᠯᠬᠡᠵᠦ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ ᠰᠠᠶᠢᠨ ᠠᠳᠬᠤᠵᠤ᠂ ᠰᠤᠷᠤᠯᠴᠠᠬᠤ ᠶᠠᠪᠤᠴᠠ ᠳᠤ ᠦᠵᠡᠯ ᠰᠠᠨᠠᠭ᠎ᠠ ᠲᠠᠨᠢᠯᠲᠠ ᠪᠠᠨ ᠬᠦᠨᠵᠡᠬᠡᠶᠢᠷᠡᠬᠦᠯᠦᠨ᠂ ᠰᠤᠷᠤᠯᠴᠠᠬᠤ ᠶᠢᠨ ᠳᠠᠭᠠᠤ  ᠬᠠᠷᠢᠴᠠᠭᠤᠯᠬᠤ᠂  ᠰᠤᠷᠤᠯᠴᠠᠬᠤ ᠶᠢᠨ ᠲᠠᠭᠠᠤ ᠪᠠᠶᠢᠴᠠᠭᠠᠬᠤ᠂  ᠰᠤᠷᠤᠯᠴᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号