ᠰᠦᠯᠵᠢᠶᠡᠨ ᠤ ᠪᠠᠭᠠᠷ ᠢ ᠪᠠᠶᠢᠴᠠᠭᠠᠨ ᠴᠡᠭᠴᠡᠯᠡᠵᠦ  ︽ᠬᠠᠮᠠᠭᠠᠯᠠᠯᠲᠠ ᠶᠢᠨ ᠬᠡᠷᠡᠮ︾ ᠢ  ᠪᠠᠬᠢᠯᠡᠨ ᠴᠤᠭᠴᠠᠯᠠᠨ᠎ᠠ
ᠨᠡᠶᠢᠲᠡᠯᠡᠭᠰᠡᠨ ᠴᠠᠭ᠄
2023/10/31
    ᠬᠠᠷᠢᠶ᠎ᠠ ᠣᠷᠣᠨ ᠤ ᠪᠠᠨ ᠰᠦᠯᠵᠢᠶᠡᠨ ᠪᠠᠭᠠᠷ ᠤᠨ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠳᠤ ᠭᠠᠷᠬᠤ ᠬᠠᠮᠢᠶᠠᠷᠤᠯᠳᠠ ᠶᠢ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 30 ᠤ ᠡᠳᠦᠷ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠢᠨ  ᠬᠠᠷᠢᠶ᠎ᠠ ᠣᠷᠣᠨ ᠤ ᠰᠦᠯᠵᠢᠶᠡᠨ ᠤ ᠪᠠᠭᠠᠷ ᠤᠳ ᠢᠶᠠᠷ ᠬᠦᠨᠵᠡᠬᠡᠶᠢᠷᠡᠵᠦ ᠲᠤᠰᠬᠠᠢ ᠲᠦᠷᠦᠯ ᠤᠨ ᠪᠠᠶᠢᠴᠠᠭᠠᠯᠳᠠ ᠬᠢᠵᠡᠢ᠃ ᠠᠷᠠᠳ ᠤᠨ ᠴᠠᠭᠳᠠᠭ᠎ᠠ ᠨᠠᠷ ᠰᠦᠯᠵᠢᠶᠡᠨ ᠪᠠᠭᠠᠷ ᠤᠨ ᠡᠵᠡᠩᠨᠡᠯᠲᠡ ᠶᠢᠨ ᠭᠠᠷ ᠭᠦᠢᠴᠡᠳᠬᠡᠯ ᠨᠢ ᠪᠦᠷᠢᠨ ᠭᠦᠢᠴᠡᠳ ᠡᠰᠡᠬᠦ᠂ ᠦᠨᠡᠨ ᠨᠡᠷ᠎ᠡ  ᠪᠠᠷ ᠲᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ᠂ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠴᠤ ᠪᠠᠶᠢᠭ᠎ᠠ ᠡᠰᠡᠬᠦ᠂ ᠰᠦᠯᠵᠢᠶᠡᠨ ᠳᠤ ᠭᠠᠷᠤᠭᠰᠠᠳ ᠤᠨ ᠲᠤᠳᠤᠷ᠎ᠠ ᠲᠣᠭᠲᠠᠭᠠᠯ ᠵᠥᠷᠢᠴᠡᠭᠰᠡᠨ ᠦᠶᠯᠡ ᠠᠵᠢᠯᠯᠠᠭ᠎ᠠ ᠪᠠᠶᠢᠬᠤ ᠡᠰᠡᠬᠦ ᠵᠡᠷᠭᠡ ᠲᠠᠯ᠎ᠠ ᠪᠠᠷ ᠨᠠᠷᠢᠨ ᠪᠠᠶᠢᠴᠠᠭᠠᠭᠰᠠᠨ ᠤ ᠬᠠᠮᠳᠤ᠂  ᠡᠵᠡᠩᠨᠡᠯᠳᠡ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠨᠢ ᠪᠠᠷᠢᠮᠵᠢᠶ᠎ᠠ ᠳᠤ ᠬᠦᠷᠦᠭᠰᠡᠨ ᠡᠰᠡᠬᠦ ᠳᠤ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠬᠤ ᠶᠠᠪᠤᠴᠠ ᠳᠠᠭᠠᠨ ᠪᠠᠰᠠ ᠤᠬᠠᠭᠤᠯᠭ᠎ᠠ ᠬᠥᠮᠦᠵᠢᠯ ᠤᠨ ᠠᠵᠢᠯ ᠬᠢᠵᠦ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠢᠨᠲ᠋ᠧᠷ ᠰᠦᠯᠵᠢᠶᠡᠨ ᠤ ᠡᠵᠡᠩᠨᠡᠯᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ  ᠲᠦᠷᠢᠮ ᠢ  ᠲᠦᠭᠡᠮᠡᠯᠵᠢᠬᠦᠯᠦᠨ᠂ ᠡᠵᠡᠩᠨᠡᠭᠴᠢᠳ ᠤᠨ ᠬᠠᠤᠯᠢ   ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠠᠶᠢᠴᠠᠭᠠᠯᠳᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂  ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠰᠤᠭᠤᠴᠢᠨ ᠪᠠᠶᠢᠴᠠᠭᠠᠬᠤ ᠠᠷᠭ᠎ᠠ ᠬᠡᠯᠪᠡᠷᠢ ᠪᠠᠷ ᠠᠮᠤᠷ ᠲᠦᠪᠰᠢᠨ ᠤ ᠬᠡᠮ ᠰᠤᠭᠤᠭ ᠢ ᠴᠠᠭ ᠲᠤᠬᠠᠢ ᠳᠤᠨᠢ ᠠᠷᠢᠯᠭᠠᠵᠤ᠂  ᠬᠠᠷᠢᠶ᠎ᠠ ᠣᠷᠣᠨ ᠤ   ᠪᠠᠨ ᠰᠦᠯᠵᠢᠶᠡᠨ ᠤ ᠣᠷᠴᠢᠨ ᠲᠣᠭᠤᠷᠢᠨ ᠤ  ᠴᠡᠪᠡᠷ ᠡᠷᠡᠭᠦᠯ ᠪᠠᠶᠢᠬᠤ ᠶᠢ ᠦᠨᠡᠨ ᠬᠦ  ᠪᠠᠳᠤᠯᠠᠨ᠂ ᠪᠣᠯᠪᠠᠰᠤᠨ ᠰᠠᠶᠢᠬᠠᠨ ᠠᠮᠤᠷ ᠲᠦᠪᠰᠢᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠤᠯᠭᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号