10 ᠰᠠᠷ᠎ᠠ ᠶᠢᠨ 30 ᠤ ᠡᠳᠦᠷ᠂ ᠪᠤᠤᠴᠠᠩ ᠪᠠᠯᠭᠠᠰᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠪᠠᠯᠭᠠᠰᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠽᠦᠸᠧ ᡁᠢ | ᠭᠦᠸᠧ ᠬᠤᠷᠠᠯ ᠢ ᠡᠷᠭᠢᠯᠡᠵᠦ᠂ ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ᠂ ᠯᠢᠦ ᠴᠦᠨ ᠵᠢᠶᠧ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠳᠠᠷᠤᠭ᠎ᠠ ᠰᠢᠦᠢ ᠪᠦᠦ ᠲᠦᠩ᠂ | ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠵᠠᠩ ᡁᠢ ᠪᠢᠨ ᠵᠢᠴᠢ ᠲᠠᠷᠢᠶᠠᠯᠠᠩ | ᠮᠠᠯ ᠠᠵᠤ ᠠᠬᠤᠢ ᠶᠢᠨ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠽᠦᠸᠧ ᡁᠢ | ᠭᠦᠸᠧ ᠠᠴᠠ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠠᠬᠢᠭᠤᠯᠬᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠪᠠᠯᠭᠠᠰᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠳᠤ | ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠤᠬᠠᠶᠢᠯᠠᠪᠠᠯ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ | ᠭᠦᠢᠴᠡᠳ ᠲᠠᠨᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠬᠠᠮᠵᠢᠯᠴᠠᠭ᠎ᠠ ᠪᠠᠨ | ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠭᠳᠠᠭᠰᠠᠨ ᠴᠠᠭ ᠲᠤ ᠴᠢᠨᠠᠷᠯᠢᠭ ᠪᠡᠶᠡᠯᠡᠭᠦᠯᠬᠦ ᠬᠡᠷᠡᠭᠲᠡᠢ | ᠃ ᠬᠤᠶᠠᠷ ᠲᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ | ᠲᠤᠰᠬᠤᠨ ᠨᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠩᠰᠠ ᠡᠪᠭᠡᠮᠡᠯ ᠢ ᠦᠨᠳᠦᠰᠦᠯᠡᠨ ᠲᠥᠷᠥᠯ ᠬᠤᠪᠢᠶᠠᠨ | ᠴᠡᠭᠴᠡᠯᠡᠵᠤ᠂ ᠨᠠᠷᠢᠯᠢᠭ ᠣᠨᠣᠴᠠᠲᠠᠢ ᠪᠠᠷ ᠴᠡᠭᠴᠡᠯᠡᠵᠤ᠂ ᠠᠰᠠᠭᠤᠳᠠᠯ ᠢ ᠲᠤᠶᠢᠯᠪᠤᠷᠢᠳᠠᠢ ᠰᠢᠢᠳᠪᠦᠷᠢᠯᠡᠬᠦ ᠬᠡᠷᠡᠭᠲᠡᠢ᠃ | ᠭᠤᠷᠪᠠ ᠳᠤ ︽ᠥᠪᠥᠷ ᠮᠣᠩᠭᠤᠯ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠡᠭᠦᠯᠡᠨ ᠵᠥᠭᠡᠯᠡᠨ | ᠲᠣᠨᠤᠭ︾ ᠢ ᠠᠮᠤᠷ ᠲᠦᠪᠰᠢᠨ ᠢᠶᠠᠷ ᠪᠦᠳᠦᠮᠵᠢᠳᠡᠢ ᠭᠡᠷᠡᠭᠯᠡᠵᠦ᠂ ᠨᠢᠭᠤᠴᠠ ᠵᠠᠳᠠᠷᠠᠬᠤ ᠬᠡᠷᠡᠭ ᠡᠭᠦᠰᠬᠦ ᠶᠢ ᠡᠷᠡᠰ | ᠰᠡᠷᠭᠡᠶᠢᠯᠡᠬᠦ ᠬᠡᠷᠡᠭᠲᠡᠢ᠃ ᠳᠥᠷᠪᠡ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ | ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ | ᠪᠠᠷᠢᠯᠭ᠎ᠠ ᠶᠢᠨ ᠵᠦᠢᠯᠡᠰ ᠢ ᠨᠤᠷᠠᠭᠠᠵᠤ ᠴᠡᠪᠡᠷᠯᠡᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠤᠳᠠᠳᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ |