ᠬᠤᠶᠠᠷ ᠭᠠᠵᠠᠷ ᠤᠨ ᠬᠠᠮᠵᠢᠯᠴᠠᠭ᠎ᠠ ᠠᠴᠠ ᠬᠦᠳᠡᠭᠡ ᠶᠢᠨ ᠢᠷᠭᠡᠳ ᠠᠰᠢᠭ ᠬᠦᠷᠳᠡᠨ᠎ᠡ
ᠨᠡᠶᠢᠲᠡᠯᠡᠭᠰᠡᠨ ᠴᠠᠭ᠄
2023/10/7
   ᠬᠦᠳᠡᠭᠡ ᠲᠤᠰᠬᠤᠨ ᠤ ᠠᠷᠠᠳ ᠢᠷᠭᠡᠳ ᠲᠤ ᠨᠡᠩ ᠰᠠᠶᠢᠨ ᠡᠮ ᠡᠮᠨᠡᠯᠭᠡ ᠶᠢᠨ ᠦᠢᠯᠡᠴᠢᠯᠡᠭᠡ ᠶᠢ ᠡᠳ᠋ᠯᠡᠭᠦᠯᠬᠦ ᠶᠢᠨ ᠲᠥᠯᠥᠭᠡ᠂ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠤ ᠬᠢᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠠᠰᠢᠭᠯᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠬ ᠢ ᠰᠢᠨ᠎ᠡ ᠪᠠᠷ ᠪᠠᠶᠢᠭᠤᠯᠤᠭᠠᠳ᠂ ᠡᠪᠡᠳᠴᠢᠨ ᠦᠵᠡᠭᠦᠯᠬᠦ ᠣᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠬ ᠤᠨ ᠦᠢᠯᠡᠴᠢᠯᠡᠭᠡᠨ ᠤ ᠴᠢᠳᠠᠪᠤᠷᠢ ᠪᠣᠯᠣᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠤᠯᠠᠨ ᠲᠦᠮᠡᠨ ᠤ ᠡᠪᠡᠳᠴᠢᠨ ᠢᠶᠠᠨ ᠦᠵᠡᠭᠦᠯᠬᠦ ᠳᠤ ᠲᠤᠶᠢᠯ ᠤᠨ ᠶᠡᠭᠡ ᠲᠦᠬᠦᠮ  ᠦᠵᠡᠬᠦᠯᠵᠡᠢ᠃ ᠳ᠋ᠠ ᠭᠧ ᠳ᠋ᠦᠩ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠤᠷᠤᠬᠤ ᠳᠤ᠂  ᠠᠯᠪᠠᠨ ᠭᠡᠷ᠂  ᠡᠮ ᠤᠨ ᠦᠷᠦᠭᠡ᠂ ᠲᠠᠷᠢᠯᠭ᠎ᠠ ᠶᠢᠨ ᠲᠠᠰᠤᠭ᠂᠂᠂᠂᠂᠂᠂   ᠭᠡᠷ ᠦᠷᠦᠭᠡ ᠨᠢ ᠠᠭᠤᠵᠢᠮ ᠰᠠᠷᠠᠭᠤᠯ᠂ ᠣᠷᠴᠢᠨ ᠲᠣᠭᠤᠷᠢᠨ ᠨᠢ ᠲᠤᠬᠢᠯᠢᠭ ᠲᠠᠭᠠᠯᠠᠮᠵᠢᠲᠠᠢ᠂ ᠲᠤᠨᠤᠭ ᠲᠥᠬᠦᠭᠡᠷᠦᠮᠵᠢ ᠨᠢ ᠢᠵᠢ ᠪᠦᠷᠢᠳᠦᠭᠰᠡᠨ ᠬᠠᠷᠠᠭᠳᠠᠨ᠎ᠠ᠃ ᠲᠣᠰᠬᠤᠨ ᠤ ᠠᠷᠠᠳ ᠤᠨ ᠬᠡᠯᠡᠬᠦ ᠪᠠᠷ᠂ ᠡᠷᠡᠭᠦᠯ ᠬᠠᠮᠠᠭᠠᠯᠠᠯ ᠤᠨ ᠲᠠᠰᠤᠭ ᠤᠨ ᠨᠥᠬᠦᠴᠡᠯ ᠰᠠᠶᠢᠵᠢᠷᠠᠭᠰᠠᠨ ᠢᠶᠠᠷ ᠡᠪᠡᠳᠴᠢᠨ ᠦᠵᠡᠭᠦᠯᠬᠦ ᠳᠤ ᠨᠠᠩ ᠲᠥᠬᠦᠮ ᠪᠤᠯᠤᠭᠰᠠᠨ ᠭᠡᠨ᠎ᠡ᠃     ᠲᠣᠰᠬᠤᠨ ᠤ ᠠᠷᠠᠳ ᠰᠦᠨ ᠶᠢᠤ᠄  ︽ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠤᠭᠳᠠᠭᠰᠠᠨ ᠠᠴᠠ ᠨᠠᠰᠢ᠂ ᠠᠷᠠᠳ ᠢᠷᠭᠡᠳ ᠤᠨ ᠡᠪᠡᠳᠴᠢᠨ ᠦᠵᠡᠭᠦᠯᠬᠦ ᠳᠤ ᠮᠠᠰᠢ ᠲᠥᠬᠦᠮ ᠪᠣᠯᠵᠠᠢ᠂  ᠬᠢᠮᠤᠷᠠᠭ᠎ᠠ ᠲᠠᠭᠰᠢᠭᠤᠷ ᠳᠤ ᠨᠡᠷᠪᠡᠭᠳᠡᠬᠦ ᠪᠤᠶᠤ ᠲᠣᠯᠣᠭᠠᠢ ᠡᠪᠡᠳᠴᠦ ᠬᠠᠯᠠᠭᠤᠷᠠᠬᠤ ᠳᠤ ᠬᠤᠳᠠ ᠤᠷᠤᠬᠤ ᠬᠡᠷᠡᠭ ᠦᠭᠡᠢ ᠪᠣᠯᠵᠠᠢ᠂ ᠠᠳᠡ ᠴᠤ ᠭᠡᠰᠡᠨ ᠡᠮ ᠶᠡᠭᠦᠯᠡᠵᠦ ᠵᠡᠬᠦᠦ ᠲᠠᠯᠪᠢᠵᠤ ᠪᠣᠯᠣᠨ᠎ᠠ᠂  ᠪᠠᠰᠠ ᠵᠢᠷᠦᠬᠡᠨ ᠤ ᠯᠤᠭᠰᠢᠯᠲᠠ  ᠂ ᠴᠢᠰᠤᠨ ᠤ ᠰᠢᠬᠢᠷ ᠵᠡᠷᠭᠡ  ᠶᠢ ᠴᠤ ᠪᠠᠶᠢᠴᠠᠭᠠᠵᠤ  ᠭᠡᠮᠵᠢᠵᠦ ᠲᠡᠶᠢᠯᠦᠨ᠎ᠡ︾  ᠃    ᠲᠣᠰᠬᠤᠨ ᠤ ᠡᠮᠴᠢ ᠸᠠᠩ ᠯᠢ᠄  ︽ᠡᠷᠡᠭᠦᠯ ᠬᠠᠮᠠᠭᠠᠯᠠᠯ ᠤᠨ ᠲᠠᠰᠤᠭ ᠢ ᠰᠢᠨᠡᠳᠭᠡᠨ ᠪᠠᠶᠢᠭᠤᠯᠤᠭᠰᠠᠨ ᠠᠴᠠ ᠬᠤᠶᠢᠰᠢ᠂ ᠡᠮᠨᠡᠯᠭᠡ ᠶᠢᠨ ᠨᠦᠬᠦᠴᠡᠯ ᠥᠩᠭᠡᠷᠡᠭᠰᠡᠨ ᠤ ᠬᠢ ᠠᠴᠠ ᠪᠠᠨ ᠬᠤᠯᠠ ᠰᠠᠶᠢᠵᠢᠷᠠᠭᠰᠠᠨ᠂  ᠭᠡᠷ ᠦᠷᠦᠭᠡ ᠰᠠᠷᠠᠭᠤᠯ᠂ ᠤᠷᠴᠢᠨ ᠲᠤᠭᠤᠷᠢᠨ  ᠴᠡᠪᠡᠷ᠂  ᠲᠤᠨᠤᠭ ᠲᠦᠬᠦᠭᠡᠷᠦᠮᠵᠢ ᠪᠦᠷᠢᠨ᠂  ᠦᠢᠯᠡᠴᠢᠯᠡᠭᠡᠨ ᠤ ᠴᠢᠳᠠᠮᠵᠢ ᠴᠤ ᠰᠠᠶᠢᠨ ᠪᠤᠯᠤᠭᠠᠳ  ᠂ ᠤᠯᠠᠨ ᠲᠦᠮᠡᠨ ᠳᠤ ᠶᠡᠭᠡᠭᠡᠨ ᠲᠦᠬᠦᠮ ᠦᠵᠡᠬᠦᠯᠵᠦ ᠪᠠᠶᠢᠨ᠎ᠠ᠃ ᠤᠳᠤ ᠲᠣᠰᠬᠤᠨ ᠤ ᠠᠷᠠᠳ ᠭᠡᠷ ᠤᠨ ᠡᠭᠦᠳᠡᠨ ᠳᠡᠭᠡᠨ ᠰᠢᠯᠢᠳᠡᠭ ᠰᠠᠶᠢᠨ ᠡᠮ ᠡᠮᠨᠡᠯᠭᠡ ᠶᠢᠨ ᠡᠬᠢ ᠪᠠᠶᠠᠯᠢᠭ ᠢ ᠡᠳ᠋ᠯᠡᠵᠦ᠂ ᠪᠠᠭ᠎ᠠ ᠰᠠᠭ᠎ᠠ ᠡᠪᠡᠳᠴᠢᠨ ᠡᠮᠭᠡᠭ ᠢ ᠪᠣᠯ ᠲᠣᠰᠬᠤᠨ ᠠᠴᠠ ᠪᠠᠨ ᠭᠠᠷᠬᠤ ᠦᠭᠡᠢ ᠪᠠᠷ ᠡᠮᠨᠡᠬᠦᠯᠬᠦ   ᠪᠤᠯᠤᠭᠠᠳ᠂ ᠠᠷᠠᠳ ᠤᠯᠠᠨ ᠤ ᠡᠪᠡᠳᠴᠢᠨ ᠡᠮᠨᠡᠬᠦᠯᠬᠦ ᠪᠣᠳᠠᠲᠠᠢ ᠬᠦᠴᠢᠷᠳᠡᠯ ᠦᠨᠡᠨᠬᠦ  ᠰᠢᠢᠳᠪᠦᠷᠢᠯᠡᠭᠳᠡᠵᠡᠢ  ︾᠃     ᠲᠣᠰᠬᠤᠨ ᠤ ᠨᠠᠮ ᠤᠨ ᠡᠭᠦᠷ ᠤᠨ ᠱᠦᠵᠢ ᠯᠢ ᠵᠢᠶᠦ᠋ᠨ᠄  ︽2022 ᠣᠨ ᠳᠤ ᠮᠠᠨ ᠤ ᠲᠣᠰᠬᠤᠨ ᠨᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ  ᠠᠴᠠ 650 ᠲᠦᠮᠡᠨ ᠲᠥᠭᠦᠷᠢᠭ ᠡᠷᠡᠮᠡᠯᠵᠡᠯᠡᠨ ᠣᠯᠵᠤ᠂ 30 ᠭᠠᠷᠤᠢ ᠲᠦᠮᠡᠨ ᠲᠥᠭᠦᠷᠢᠭ ᠤᠷᠤᠭᠤᠯᠤᠨ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠬ ᠢ ᠰᠢᠨ᠎ᠡ ᠪᠠᠷ ᠪᠠᠶᠢᠭᠤᠯᠪᠠ᠂  ᠡᠷᠡᠭᠦᠯ ᠬᠠᠮᠠᠭᠠᠯᠠᠯ ᠤᠨ ᠲᠠᠰᠤᠬ ᠢ ᠪᠠᠶᠢᠭᠤᠯᠤᠭᠰᠠᠨ ᠤ ᠲᠠᠷᠠᠭ᠎ᠠ᠂ ᠠᠷᠠᠳ ᠤᠯᠠᠨ   ᠤ ᠡᠪᠡᠳᠴᠢᠨ ᠢᠶᠠᠨ ᠦᠵᠡᠬᠦᠯᠬᠦ ᠳᠤ ᠶᠡᠬᠡᠬᠡᠨ ᠲᠦᠬᠦᠮ ᠦᠵᠡᠬᠦᠯᠵᠦ᠂  ᠲᠠᠷᠢᠶᠠᠴᠢᠳ ᠤᠨ ᠡᠷᠡᠭᠦᠯ ᠮᠡᠨᠳᠦ  ᠳᠤ ᠨᠡᠩ  ᠶᠡᠭᠡ ᠪᠠᠲᠤᠯᠠᠭ᠎ᠠ ᠪᠤᠯᠤᠭᠠᠳ᠂ ᠦᠨᠳᠦᠰᠦᠨ ᠱᠠᠲᠤᠨ ᠤ ᠤᠯᠠᠨ ᠲᠦᠮᠡᠨ ᠤ  ᠬᠦᠷᠲᠡᠮᠵᠢ ᠶᠢᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠲᠡᠭᠡᠭᠰᠢᠯᠡᠬᠦᠯᠦᠭᠰᠡᠨ  ᠶᠤᠮ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号