ᠪᠠᠶᠠᠷ ᠤᠨ ᠴᠢᠮᠡᠭᠡ          ᠲᠠᠶᠢᠹᠤᠰᠧ ᠬᠤᠰᠢᠭᠤᠨ ᠤ ᠨᠢᠬᠡᠨ ᠡᠮᠴᠢ  ︽ᠥᠪᠥᠷ ᠮᠣᠩᠭᠤᠯ ᠤᠨ ᠰᠠᠶᠢᠨ ᠡᠮᠴᠢ︾ ᠪᠠᠷ ᠰᠤᠩᠭᠤᠭᠳᠠᠯ᠎ᠠ
ᠨᠡᠶᠢᠲᠡᠯᠡᠭᠰᠡᠨ ᠴᠠᠭ᠄
2023/11/1
 10 ᠰᠠᠷ᠎ᠠ ᠶᠢᠨ 27 ᠤ ᠡᠳᠦᠷ᠂ 2023 ᠣᠨ ᠤ ᠬᠤᠶᠠᠳᠤᠭᠠᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠡᠮᠴᠢ︾ ︽ᠥᠪᠥᠷ ᠮᠣᠩᠭᠤᠯ ᠤᠨ ᠰᠠᠶᠢᠨ ᠰᠤᠪᠢᠯᠠᠭᠴᠢ︾ ᠶᠢᠨ ᠠᠬᠤᠢ ᠲᠠᠯᠠᠪᠠᠢ ᠶᠢᠨ ᠰᠣᠯᠢᠯᠴᠠᠭᠠᠨ ᠤ ᠠᠵᠢᠯᠯᠠᠭ᠎ᠠ ᠲᠦᠩᠯᠢᠶᠣᠣ  ᠬᠤᠳᠠᠨ᠎ᠠ ᠶᠠᠪᠤᠭᠳᠠᠬᠤ ᠳᠤ  ᠂ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤ ᠴᠡᠪᠡᠷᠰᠢᠬᠦᠯᠬᠦ ᠰᠠᠯᠠᠭᠠᠨ ᠤ ᠡᠷᠬᠢᠯᠡᠭᠴᠢ ᠶᠠᠩ ᠺᠧ ᠡᠮᠴᠢ ︽ᠥᠪᠥᠷ ᠮᠣᠩᠭᠤᠯ ᠤᠨ ᠰᠠᠶᠢᠨ ᠡᠮᠴᠢ︾ ᠶᠢᠨ ᠢᠷᠠᠭᠤ ᠠᠯᠳᠠᠷ ᠢ  ᠬᠦᠷᠳᠡᠭᠰᠡᠨ ᠪᠠᠶᠢᠨ᠎ᠠ᠃      ᠶᠠᠩ ᠺᠧ᠂ ᠡᠷᠡᠭᠲᠡᠢ᠂ ᠬᠢᠲᠠᠳ ᠦᠨᠳᠦᠰᠦᠲᠡᠨ᠂ 1983 ᠣᠨ ᠤ 9 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠰᠢᠯᠢ ᠶᠢᠨ ᠭᠤᠣᠯ ᠠᠶᠢᠮᠠᠭ ᠤᠨ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤ  ᠴᠡᠪᠷᠰᠢᠬᠦᠯᠬᠦ ᠰᠠᠯᠠᠭᠠᠨ ᠤ ᠡᠷᠬᠢᠯᠡᠭᠴᠢ᠃ 2017 ᠣᠨ ᠳᠤ᠂ ᠪᠡᠭᠡᠵᠢᠩ ᠬᠤᠳᠠ ᠳᠤ ᠤᠳᠠᠭᠠᠨ ᠵᠢᠯ ᠠᠵᠢᠯᠯᠠᠭᠰᠠᠨ ᠶᠠᠩ ᠺᠧ ᠡᠮᠴᠢ  ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ  ᠶᠢ ᠳᠠᠭᠠᠵᠤ ᠲᠠᠶᠢᠹᠤᠰᠧ ᠬᠤᠰᠢᠭᠤᠨ ᠳᠠᠭᠠᠨ ᠢᠷᠡᠭᠡᠳ ᠬᠤᠰᠢᠭᠤ ᠡᠮᠨᠡᠯᠭᠡ ᠶᠢᠨ ᠬᠤᠷᠢᠶᠠᠨ ᠤ ᠴᠢᠰᠤ ᠴᠡᠪᠡᠷᠰᠢᠬᠦᠯᠬᠦ ᠰᠠᠯᠠᠭ᠎ᠠ ᠶᠢ ᠡᠬᠦᠰᠭᠡᠨ ᠪᠠᠶᠢᠭᠤᠯᠵᠤ᠂  ᠲᠤᠰ ᠬᠤᠰᠢᠭᠤᠨ ᠤ ᠴᠢᠰᠤ  ᠴᠡᠪᠡᠷᠰᠢᠬᠦᠯᠬᠦ ᠵᠠᠰᠠᠯᠭ᠎ᠠ ᠶᠢᠨ ᠬᠤᠭᠤᠰᠤᠨ ᠢ  ᠨᠦᠬᠦᠪᠦᠷᠢᠯᠡᠭᠰᠡᠨ ᠶᠤᠮ᠃  ᠡᠨᠡ   ᠨᠢ ᠰᠢᠭᠡᠰᠦᠨ ᠬᠤᠣᠷᠳᠠᠯᠭ᠎ᠠ ᠳᠤ ᠨᠡᠷᠪᠡᠭᠳᠡᠭᠰᠡᠨ ᠬᠦᠨᠳᠦ ᠡᠪᠡᠳᠴᠢᠳᠡᠳ ᠲᠤ ᠠᠮᠢᠳᠤᠷᠠᠯ ᠤᠨ ᠬᠦᠰᠡᠯ ᠡᠷᠡᠮᠡᠯᠵᠡᠯ ᠢ ᠤᠯᠭᠤᠵᠤ᠂ ᠣᠲᠣ ᠪᠣᠯᠲᠠᠯ᠎ᠠ ᠨᠡᠶᠢᠲᠡ 4 ᠲᠦᠮᠡ ᠭᠠᠷᠤᠢ ᠬᠥᠮᠥᠨ ᠤᠳᠠᠭ᠎ᠠ ᠶᠢ ᠡᠮᠨᠡᠨ ᠵᠠᠰᠠᠭᠰᠠᠨ ᠪᠦᠭᠡᠳ ᠡᠮ ᠳᠤ ᠬᠤᠣᠷᠳᠠᠭᠳᠠᠭᠰᠠᠨ ᠪᠠ ᠬᠦᠨᠳᠦ ᠲᠦᠭᠰᠢᠭᠦᠷᠢᠲᠡᠢ ᠡᠪᠡᠳᠴᠢᠲᠡᠨ 180 ᠭᠠᠷᠤᠢ  ᠬᠦᠮᠦᠨ ᠤᠳᠠᠭ᠎ᠠ ᠶᠢ ᠠᠪᠤᠷᠠᠭᠰᠠᠨ ᠪᠠᠶᠢᠨ᠎ᠠ᠃ ᠶᠠᠩ ᠺᠧ ᠡᠮᠴᠢ ᠡᠪᠡᠳᠴᠢᠲᠡᠨ ᠤ ᠡᠮᠨᠡᠯᠭᠡ ᠶᠢᠨ ᠵᠠᠷᠤᠳᠠᠯ ᠤᠨ ᠠᠰᠠᠭᠤᠳᠠᠯ ᠳᠤ ᠶᠡᠬᠡᠳᠡ ᠰᠠᠨᠠᠭ᠎ᠠ ᠪᠤᠯᠵᠤ᠂ ᠣᠯᠠᠨ ᠲᠠᠯ᠎ᠠ ᠶᠢᠨ ᠵᠤᠬᠢᠴᠠᠭᠤᠯᠭ᠎ᠠ ᠪᠠᠷ ᠲᠠᠮᠵᠢᠭᠠᠳ ᠴᠢᠰᠤ ᠴᠡᠪᠡᠷᠰᠢᠬᠦᠯᠬᠦ ᠰᠠᠯᠠᠭᠠᠨ ᠤ ᠡᠮᠴᠢᠯᠡᠭᠡᠨ ᠤ ᠬᠤᠭᠤᠴᠠᠭᠠᠨ ᠳᠠᠬᠢ ᠳ᠋ᠤᠭᠠᠷᠯᠠᠬᠤ ᠵᠠᠷᠤᠳᠠᠯ ᠢ ᠬᠡᠯᠳᠦᠷᠢᠬᠦᠯᠵᠡᠢ᠃  ᠶᠠᠩ ᠺᠧ ᠶᠢᠨ ᠰᠠᠶᠢᠨ ᠢᠶᠠᠷ ᠨᠢᠭᠡ ᠡᠪᠡᠳᠴᠢᠲᠡᠨ ᠤ ᠡᠮᠨᠡᠯᠭᠡ ᠶᠢᠨ ᠵᠠᠷᠤᠳᠠᠯ ᠢ ᠵᠢᠯ ᠳᠤ 2000 ᠭᠠᠷᠤᠢ ᠲᠥᠭᠦᠷᠢᠭ  ᠠᠷᠪᠢᠯᠠᠬᠤ ᠪᠤᠯᠵᠤ᠂ ᠡᠪᠡᠳᠴᠢᠲᠡᠨ ᠤ ᠠᠵᠤ ᠠᠬᠤᠢ ᠶᠢᠨ ᠲᠠᠷᠤᠭᠠᠰᠤ ᠶᠢ ᠵᠣᠬᠢᠬᠤ ᠬᠡᠮᠵᠢᠶ᠎ᠡ ᠪᠠᠷ ᠬᠦᠩᠬᠡᠷᠡᠬᠦᠯᠦᠭᠡᠳ᠂  ᠮᠠᠰᠢ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠬᠢᠵᠢᠭ ᠤᠨ ᠬᠤᠭᠤᠴᠠᠭᠠᠨ ᠳᠤ᠂ ᠬᠥᠪᠡᠭᠡᠲᠦ ᠰᠢᠷ᠎ᠠ ᠬᠤᠰᠢᠭᠤᠨ ᠤ ᠰᠢᠭᠡᠰᠦᠨ ᠬᠤᠣᠷᠳᠠᠯᠭ᠎ᠠ ᠳᠤ ᠨᠡᠷᠪᠡᠭᠳᠡᠭᠰᠡᠨ 13 ᠡᠪᠡᠳᠴᠢᠳᠡᠨ ᠤ ᠴᠢᠰᠤ ᠴᠡᠪᠡᠷᠰᠢᠬᠦᠯᠬᠦ ᠡᠮᠴᠢᠯᠡᠭᠡ ᠨᠢ ᠲᠠᠰᠤᠯᠳᠠᠵᠤ᠂  ᠡᠪᠡᠳᠴᠢᠳᠡᠨ ᠤ ᠠᠮᠢ ᠨᠠᠰᠤ ᠪᠠ ᠡᠷᠡᠭᠦᠯ ᠮᠡᠨᠳᠦ ᠳᠤ ᠲᠤᠶᠢᠯ ᠤᠨ ᠶᠡᠭᠡ ᠨᠥᠯᠥᠭᠡ ᠪᠤᠯᠵᠤ ᠪᠠᠶᠢᠯ᠎ᠠ᠃ ᠬᠥᠪᠡᠭᠡᠲᠦ ᠰᠢᠷ᠎ᠠ ᠬᠤᠰᠢᠭᠤᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠠᠴᠠ ᠲᠤᠰᠠᠯᠠᠮᠵᠢ ᠭᠤᠶᠤᠴᠢᠯᠠᠭᠰᠠᠨ ᠳᠤ ᠶᠠᠩ ᠺᠧ  ᠡᠳᠡᠭᠡᠷ ᠡᠪᠡᠳᠴᠢᠳᠡᠨ ᠢ ᠬᠦᠯᠢᠶᠡᠨ ᠠᠪᠴᠤ ᠡᠮᠴᠢᠯᠡᠬᠦ ᠪᠠᠷ ᠲᠣᠭᠲᠠᠵᠠᠢ᠃ ᠡᠨᠡ ᠬᠤᠭᠤᠴᠠᠭᠠᠨ ᠳᠤ᠂ ᠶᠠᠩ ᠺᠧ ᠡᠮᠴᠢ ᠰᠤᠪᠢᠯᠠᠭᠴᠢ ᠨᠠᠷ ᠲᠠᠢ ᠪᠠᠨ ᠨᠢᠭᠲᠠ ᠬᠠᠮᠵᠢᠯᠴᠠᠵᠤ᠂ ᠰᠠᠷ᠎ᠠ ᠪᠦᠷᠢ 280 ᠴᠠᠭ  ᠠᠵᠢᠯᠯᠠᠵᠤ ᠪᠠᠶᠢᠭᠠᠳ᠂ ᠡᠮᠴᠢᠯᠡᠭᠡᠨ ᠤ    ᠠᠵᠢᠯ ᠢᠶᠠᠨ ᠥᠨᠳᠥᠷ ᠪᠦᠲᠦᠮᠵᠢᠲᠡᠢ ᠪᠠᠷ ᠪᠡᠶᠡᠯᠡᠭᠦᠯᠪᠡ᠃  ᠶᠠᠩ ᠺᠧ ᠡᠮᠴᠢ ᠡᠶᠢᠨ ᠬᠦ᠋ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ︽ᠡᠷᠡᠬᠦᠯ ᠡᠩᠭᠡ  ᠶᠢᠨ ᠡᠯᠴᠢ︾  ᠬᠡᠮᠡᠬᠦ  ᠨᠡᠷ᠎ᠡ ᠠᠯᠳᠠᠷ ᠪᠠᠨ ᠨᠡᠶᠢᠳᠡ ᠳᠤ ᠲᠠᠭᠤᠷᠢᠰᠬᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号