ᠲᠠᠶᠢᠹᠤᠰᠧ ᠬᠤᠰᠢᠭᠤᠨ ᠤ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ ᠤᠨ ᠠᠵᠢᠯ ᠤᠨ ᠳᠦᠷᠢᠮ
ᠨᠡᠶᠢᠲᠡᠯᠡᠭᠰᠡᠨ ᠴᠠᠭ᠄
2023/11/1
   ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ  ᠭᠦᠨ ᠬᠠᠳᠠᠩᠰᠢᠭᠤᠯᠵᠤ᠂ ᠬᠥᠳᠡᠭᠡ ᠲᠣᠰᠬᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯᠣᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠨ  ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠲᠤᠰ ᠳᠦᠷᠢᠮ ᠢ ᠣᠨᠴᠠᠭᠠᠶᠢᠯᠠᠨ ᠲᠣᠭᠲᠠᠭᠠᠪᠠ᠃       ᠨᠢᠭᠡ᠂ ᠬᠤᠪᠢ ᠬᠤᠷᠠᠮᠳᠤᠭᠤᠯᠬᠤ ᠳᠦᠷᠢᠮ      ᠠᠶᠢᠯ ᠡᠷᠦᠬᠡ ᠪᠠᠷ ᠨᠢᠬᠡᠴᠢ ᠪᠣᠯᠭᠠᠨ᠂ ︽ᠬᠤᠷᠠᠮᠳᠤᠯ ᠬᠤᠪᠢ ᠪᠠᠷ ᠲᠠᠸᠠᠷ ᠰᠣᠯᠢᠬᠤ ᠪᠠᠷᠢᠮᠵᠢᠶ᠎ᠠ︾  ᠶᠢ ᠦᠨᠳᠦᠰᠦᠯᠡᠨ ᠬᠤᠪᠢ ᠲᠡᠮᠳᠡᠭᠯᠡᠵᠦ᠂ ᠬᠤᠷᠠᠮᠳᠤᠯ ᠬᠤᠪᠢ ᠪᠠᠷ ᠢᠶᠠᠨ ᠲᠣᠰ ᠭᠠᠴᠠᠭᠠᠨ ᠤ ᠪᠠᠨ ︽ᠪᠣᠯᠪᠠᠰᠤᠨ ᠪᠦᠯᠬᠦᠮᠳᠡᠯᠳᠦ  ᠴᠢᠯᠦᠬᠡᠳᠦ ᠳᠡᠯᠭᠡᠭᠦᠷ︾ ᠠᠴᠠ ᠲᠤᠬᠢᠷᠠᠯᠴᠠᠭᠰᠠᠨ ᠦᠨ᠎ᠡ ᠬᠠᠩᠰᠢ ᠪᠦᠬᠦᠢ ᠲᠠᠸᠠᠷ ᠢ  ᠰᠤᠯᠢᠨ ᠠᠪᠴᠤ ᠪᠤᠯᠤᠨ᠎ᠠ  ᠂ ᠬᠡᠬᠦ ᠳᠡᠭᠡᠨ ᠬᠤᠷᠠᠮᠳᠤᠯ ᠬᠤᠪᠢ ᠨᠢ 50 ᠬᠤᠪᠢ ᠬᠦᠷᠪᠡᠯ ᠰᠠᠶ᠋ᠢ ᠰᠤᠯᠢᠵᠤ ᠲᠡᠶᠢᠯᠦᠨ᠎ᠡ᠂ 1 ᠬᠤᠷᠠᠮᠳᠤᠯ ᠬᠤᠪᠢ ᠪᠠᠷ 1 ᠲᠥᠭᠦᠷᠢᠭ   ᠤᠨ ᠦᠷᠳᠡᠭ  ᠪᠦᠬᠦᠢ  ᠪᠠᠷᠠᠭ᠎ᠠ ᠲᠠᠸᠠᠷ ᠰᠤᠯᠢᠨ᠎ᠠ᠂  ᠵᠢᠯ ᠤᠨ ᠡᠴᠦᠰ ᠪᠤᠯᠳᠠᠯ᠎ᠠ ᠬᠤᠷᠠᠮᠳᠤᠯ ᠬᠤᠪᠢ ᠪᠠᠨ ᠬᠡᠷᠡᠭᠯᠡᠭᠰᠡᠨ ᠦᠭᠡᠢ ᠪᠤᠯ᠂ ᠲᠠᠷᠠᠭ᠎ᠠ ᠵᠢᠯ ᠨᠢ ᠲᠠᠬᠢᠵᠤ ᠲᠡᠭ ᠠᠴᠠ ᠡᠬᠢᠯᠡᠵᠦ ᠬᠤᠪᠢ ᠬᠤᠷᠠᠮᠳᠤᠭᠤᠯᠤᠨ᠎ᠠ᠃       ᠬᠤᠶᠠᠷ᠂ ᠬᠡᠷᠡᠭᠵᠢᠭᠦᠯᠬᠦ ᠬᠡᠪᠴᠢᠶ᠎ᠡ      ᠪᠠᠶᠢᠩᠭᠤ ᠰᠠᠭᠤᠭ᠎ᠠ ᠡᠷᠦᠬᠡ ᠤᠳ ᠰᠠᠶᠢᠨ ᠳᠤᠷ᠎ᠠ ᠠᠴᠠ ᠪᠠᠨ ᠤᠷᠤᠯᠴᠠᠨ᠎ᠠ᠂ ᠲᠡᠭᠡᠬᠦ ᠮᠦᠷᠳᠡᠭᠡᠨ ᠬᠠᠤᠯᠢ ᠲᠦᠷᠢᠮ ᠢ ᠰᠠᠬᠢᠳᠠᠭ᠂  ᠪᠣᠯᠪᠠᠰᠤᠨ ᠢᠲᠡᠭᠡᠮᠵᠢ ᠲᠠᠢ᠂ ᠪᠦᠯᠬᠦᠮᠳᠡᠨ ᠬᠠᠪᠰᠤᠷᠤᠯᠴᠠᠳᠠᠭ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠳᠠᠭ᠂ ᠠᠷᠢᠭᠤᠨ ᠴᠡᠪᠡᠷ   ᠢ ᠡᠷᠬᠢᠮᠯᠡᠳᠡᠭ᠂  ᠭᠠᠴᠠᠭᠠᠨ ᠤ ᠳᠦᠷᠢᠮ  ᠢᠷᠭᠡᠳ ᠤᠨ ᠭᠡᠷ᠎ᠡ ᠶᠢ ᠵᠢᠷᠤᠮᠯᠠᠳᠠᠭ᠂ ᠰᠠᠶᠢᠨ ᠰᠠᠶᠢᠬᠠᠨ ᠤᠯᠠᠨ ᠲᠦᠮᠡᠨᠴᠢ ᠰᠠᠭᠤᠷᠢ ᠲᠠᠢ ᠠᠶᠢᠯ ᠡᠷᠦᠬᠡ ᠪᠠᠶᠢᠪᠠᠯ ᠵᠤᠬᠢᠨ᠎ᠠ᠃       ᠭᠤᠷᠪᠠ᠂ ᠬᠡᠷᠡᠭᠵᠢᠭᠦᠯᠬᠦ ᠠᠯᠬᠤᠮ      1. ᠨᠡᠷ᠎ᠡ ᠮᠡᠳᠡᠭᠦᠯᠬᠦ᠄ ᠨᠥᠬᠦᠴᠡᠯ ᠳᠤ ᠨᠡᠶᠢᠴᠡᠭᠰᠡᠨ ᠮᠠᠯᠴᠢᠨ ᠡᠷᠦᠬᠡ ᠨᠢᠬᠡᠪᠦᠷᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠬᠦᠷᠴᠦ ᠨᠡᠷ᠎ᠡ ᠮᠡᠳᠡᠭᠦᠯᠵᠦ ᠪᠣᠯᠣᠨ᠎ᠠ᠂ ︽ᠨᠢᠭᠡ ᠡᠷᠦᠬᠡ ᠶᠢᠨ ᠨᠢᠭᠡ ᠲᠠᠩᠰᠠ︾ ᠶᠢ ᠬᠡᠷᠡᠭᠵᠢᠭᠦᠯᠦᠨ᠎ᠡ᠃       2. ᠬᠤᠪᠢ ᠬᠤᠷᠠᠮᠳᠤᠭᠤᠯᠬᠤ᠄ ︽ᠬᠤᠪᠢ ᠬᠤᠷᠠᠮᠳᠤᠭᠤᠯᠬᠤ ᠪᠠᠷᠢᠮᠵᠢᠶ᠎ᠠ︾  ᠶᠢ ᠦᠨᠳᠦᠰᠦᠯᠡᠨ᠂ ᠮᠠᠯᠴᠢᠳ ᠤᠨ ᠣᠷᠣᠯᠴᠠᠭᠰᠠᠨ ᠪᠠᠶᠢᠳᠠᠯ  ᠢᠶᠠᠷ ᠨᠢ ᠬᠤᠪᠢ  ᠬᠤᠷᠠᠮᠳᠤᠭᠤᠯᠵᠤ ᠲᠡᠮᠳᠡᠭᠯᠡᠨ ᠲᠠᠩᠰᠠᠯᠠᠨ᠎ᠠ᠃      3. ᠢᠯᠡ ᠨᠡᠶᠢᠲᠡᠯᠡᠬᠦ  ᠄ ᠢᠯᠡ ᠲᠤᠳᠤ᠂ ᠲᠥᠪ ᠭᠤᠥᠯᠴᠢ᠂ ᠡᠷᠬᠡ ᠲᠡᠭᠰᠢ ᠵᠠᠷᠴᠢᠮ ᠢ ᠪᠠᠷᠢᠮᠲᠠᠯᠠᠨ᠂  ᠮᠠᠯᠴᠢᠨ ᠡᠷᠦᠬᠡ ᠶᠢᠨ ᠶᠡᠷᠦᠩᠬᠡᠢ ᠬᠤᠷᠠᠮᠳᠤᠯ ᠬᠤᠪᠢ ᠶᠢᠨ ᠪᠠᠶᠢᠳᠠᠯ ᠢ ᠤᠯᠠᠷᠢᠯ ᠳᠤ ᠨᠢᠬᠡ ᠤᠳᠠᠭ᠎ᠠ ᠢᠯᠡ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ ︵ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠲᠠᠶᠢᠯᠪᠤᠷᠢᠯᠠᠬᠤ ᠡᠷᠬᠡ ᠲᠠᠢ︶      4. ᠬᠤᠷᠠᠮᠳᠤᠯ ᠬᠤᠪᠢ ᠪᠠᠷ ᠮᠦᠩᠬᠦ ᠰᠣᠯᠢᠬᠤ᠄  ᠬᠤᠷᠠᠮᠳᠤᠯ ᠬᠤᠪᠢ ᠨᠢ 50 ᠬᠤᠪᠢ ᠳᠤ ᠭᠦᠷᠦᠭᠰᠡᠨ ᠤ ᠳᠠᠷᠠᠭ᠎ᠠ᠂ ᠲᠣᠰ ᠭᠠᠴᠠᠭᠠᠨ ᠤ ᠪᠠᠨ ︽ ᠪᠣᠯᠪᠠᠰᠤᠨ ᠪᠦᠯᠬᠦᠮᠳᠡᠯᠳᠦ  ᠴᠢᠯᠦᠬᠡᠳᠦ ᠳᠡᠯᠭᠡᠭᠦᠷ︾ ᠲᠤ ᠬᠦᠷᠴᠦ ᠲᠠᠸᠠᠷ ᠰᠣᠯᠢᠵᠤ ᠪᠣᠯᠣᠨ᠎ᠠ᠂  ᠬᠡᠷᠡᠭᠯᠡᠭᠰᠡᠨ ᠬᠤᠷᠠᠮᠳᠤᠯ ᠬᠤᠪᠢ ᠶᠢ ᠨᠢ ᠲᠠᠩᠰᠠᠨ ᠠᠴᠠ ᠬᠠᠰᠤᠨ᠎ᠠ᠃       ᠳᠥᠷᠪᠡ᠂  ᠲᠤᠤᠷᠠᠬᠢ ᠮᠡᠳᠦ ᠪᠠᠶᠢᠳᠠᠯ ᠳᠤ ᠬᠤᠷᠠᠮᠳᠤᠯ ᠬᠤᠪᠢ ᠪᠠᠷ ᠲᠠᠸᠠᠷ ᠰᠤᠯᠢᠵᠤ ᠪᠤᠯᠬᠤ ᠦᠬᠡᠢ ᠪᠤᠶᠤ ᠰᠤᠯᠢᠬᠤ ᠶᠢ ᠨᠢ ᠲᠦᠷ ᠬᠤᠶᠢᠰᠢᠯᠠᠭᠤᠯᠤᠨ᠎ᠠ᠄      1. ᠭᠡᠷ ᠪᠦᠯᠢ ᠶᠢᠨ ᠪᠦᠷᠢᠯᠳᠦᠭᠦᠨ ᠨᠢ ᠲᠤᠰ ᠵᠢᠯ ᠳᠤ ᠬᠠᠤᠯᠢ ᠴᠠᠭᠠᠵᠠ ᠰᠠᠬᠢᠯᠭ᠎ᠠ ᠪᠠᠲᠤ ᠶᠢ ᠵᠦᠷᠢᠴᠡᠭᠡᠳ ᠨᠡᠶᠢᠲᠡ ᠳᠤ ᠵᠠᠷᠯᠠᠭᠳᠠᠭᠰᠠᠨ᠃      2. ᠭᠡᠷ ᠪᠦᠯᠢ ᠶᠢᠨ ᠪᠦᠷᠢᠯᠳᠦᠭᠦᠨ ᠨᠢ ᠨᠠᠮ ᠤᠨ ᠵᠣᠬᠢᠶᠠᠨ ᠪᠠᠶᠢᠭᠤᠯᠤᠯᠲᠠ ᠪᠠ ᠲᠦᠷᠦ ᠶᠢᠨ ᠪᠠᠶᠢᠭᠤᠯᠭ᠎ᠠ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ ᠪᠠᠶᠢᠭ᠎ᠠ᠃      3. ᠭᠡᠷ ᠪᠦᠯᠢ ᠶᠢᠨ ᠪᠦᠷᠢᠯᠳᠦᠭᠦᠨ ᠨᠢ ᠨᠡᠶᠢᠭᠡᠮ ᠨᠡᠶᠢᠳᠡ ᠶᠢᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ᠃      4. ᠭᠡᠷ ᠪᠦᠯᠢ ᠶᠢᠨ ᠪᠦᠷᠢᠯᠳᠦᠭᠦᠨ ᠨᠢ ᠬᠠᠤᠯᠢ ᠪᠤᠰᠤ ᠪᠠᠷ ᠲᠡᠭᠡᠳᠦ ᠱᠠᠳᠤᠨ ᠳᠤ ᠵᠠᠷᠭᠤ ᠵᠠᠭᠠᠯᠳᠤᠯᠭ᠎ᠠ ᠬᠢᠭᠰᠡᠨ ᠪᠤᠶᠤ ᠬᠦᠨᠳᠦ ᠶᠡᠭᠡ ᠪᠦᠯᠦᠭᠯᠡᠯ ᠤᠨ ᠴᠢᠨᠠᠷᠲᠠᠢ ᠵᠠᠭᠠᠯᠳᠤᠯᠭ᠎ᠠ ᠳᠤ ᠣᠷᠣᠯᠴᠠᠭᠰᠠᠨ᠃      5. ᠭᠡᠷ ᠪᠦᠯᠢ ᠶᠢᠨ ᠪᠦᠷᠢᠯᠳᠦᠭᠦᠨ ᠨᠢ ᠪᠤᠯᠪᠠᠰᠤᠨ ᠮᠤᠷᠠᠯ ᠪᠤᠶᠤ ᠢᠳᠡᠭᠡᠮᠵᠢ ᠨᠠᠶᠢᠳᠠᠪᠤᠷᠢ ᠵᠡᠷᠭᠡ ᠲᠠᠯ᠎ᠠ ᠪᠠᠷ ᠡᠷᠡᠬᠦᠯ ᠪᠤᠰᠤ ᠲᠠᠩᠰᠠᠨ ᠳᠤ ᠤᠷᠤᠭᠰᠠᠨ  ᠃      6. ᠭᠡᠷ ᠪᠦᠯᠢ ᠶᠢᠨ ᠪᠦᠷᠢᠯᠳᠦᠭᠦᠨ ᠨᠢ ᠨᠡᠶᠢᠭᠡᠮ ᠨᠡᠶᠢᠲᠡ ᠶᠢᠨ ᠶᠣᠰᠣ ᠰᠤᠷᠳᠠᠬᠤᠨ᠂ ᠬᠤᠪᠢ ᠬᠥᠮᠥᠨ ᠤ ᠵᠠᠩ ᠮᠣᠷᠠᠯ ᠠᠴᠠ ᠵᠥᠷᠢᠴᠡᠭᠰᠡᠨ  ᠃      7. ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠶᠠᠷᠢᠯᠴᠠᠨ ᠰᠤᠳᠤᠯᠵᠤ᠂ ᠬᠤᠷᠠᠮᠳᠤᠯ ᠬᠤᠪᠢ ᠪᠠᠨ ᠰᠣᠯᠢᠵᠤ ᠪᠣᠯᠬᠤ ᠦᠭᠡᠢ ᠭᠡᠵᠦ ᠮᠠᠭᠠᠳᠯᠠᠨ ᠲᠣᠭᠲᠠᠭᠠᠭᠰᠠᠨ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号