ᠴᠢᠶᠠᠨ ᠶᠢᠨ ᠭᠧᠦ ᠪᠠᠯᠭᠠᠰᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/1
 10 ᠰᠠᠷ᠎ᠠ ᠶᠢᠨ 31 ᠤ ᠡᠳᠦᠷ᠂ ᠴᠢᠶᠠᠨ ᠶᠢᠨ ᠭᠧᠦ ᠪᠠᠯᠭᠠᠰᠤ 2023 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ  ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠣ ᠶᠢᠩ ᠵᠦᠸᠧ ᠠᠴᠠ᠂  ᠪᠦᠬᠦ ᠪᠠᠯᠭᠠᠰᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠨ᠂  ᠦᠨᠳᠦᠰᠦᠨ ᠱᠠᠲᠤᠨ ᠤ ᠦᠵᠡᠯ ᠰᠠᠨᠠᠭᠠᠨ ᠤ ᠤᠬᠠᠭᠤᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ  ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠡᠯ᠎ᠡ ᠲᠦᠷᠦᠯ ᠤᠨ ᠰᠤᠷᠤᠯᠴᠠᠯᠭ᠎ᠠ ᠶᠢᠨ ᠲᠠᠪᠴᠠᠩ ᠢ ᠰᠠᠶᠢᠲᠤᠷ ᠠᠰᠢᠭᠯᠠᠨ᠂ ᠺᠠᠳ᠋ᠷ ᠤᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠤᠷᠢᠳᠴᠢᠯᠠᠨ ᠰᠡᠷᠡᠮᠵᠢᠯᠡᠬᠦ᠂ ᠵᠠᠳᠠᠯᠤᠨ ᠮᠠᠭᠠᠳᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ᠃  ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠦᠨᠳᠦᠰᠦᠲᠡᠨ ᠱᠠᠰᠢᠨ ᠰᠤᠷᠲᠠᠬᠤᠨ᠂ ᠨᠡᠶᠢᠭᠡᠮ ᠤᠨ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢᠨ ᠪᠠᠶᠢᠴᠠᠭᠠᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠠᠨᠠᠭᠠᠴᠢᠯᠠᠭᠠᠲᠤ ᠴᠢᠨᠠᠷ ᠪᠠ ᠨᠠᠷᠢᠯᠢᠭ ᠣᠨᠣᠪᠴᠢᠲᠤ ᠴᠢᠨᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ ᠪᠣᠯᠣᠨ ᠬᠠᠮᠳᠤᠷᠠᠯ ᠤᠨ ᠦᠵᠡᠯᠲᠡ ᠶᠢ ᠢᠮᠠᠭᠲᠠ ᠪᠠᠷᠢᠮᠳᠠᠯᠠᠨ᠂ ᠶᠡᠭᠡ ᠶᠠᠪᠤᠳᠠᠯ ᠪᠠ ᠵᠠᠷᠴᠢᠮ ᠤᠨ ᠠᠰᠠᠭᠤᠳᠠᠯ ᠤᠨ ᠡᠮᠦᠨ᠎ᠡ ᠣᠪᠣᠷ ᠲᠣᠳᠣᠷᠬᠠᠢ ᠪᠠᠶᠢᠵᠤ᠂  ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠰᠠᠨᠠᠭᠠᠴᠢᠯᠠᠭᠠᠲᠤ ᠡᠷᠬᠡ ᠪᠣᠯᠣᠨ ᠦᠭᠡ ᠬᠡᠯᠡᠬᠦ ᠡᠷᠬᠡ ᠶᠢ ᠪᠠᠲᠤ ᠡᠵᠡᠮᠳᠡᠨ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ  ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠭᠦᠸᠧ ᠷᠠᠨ ᠷᠠᠨ ᠠᠴᠠ ᠳᠡᠭᠡᠳᠦ ᠱᠠᠲᠤᠨ ᠤ  ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠪᠥᠬᠦ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠪᠠᠶᠢᠷᠢᠯᠠᠭᠤᠯᠤᠯᠳᠠ ᠬᠢᠪᠡ ᠬᠢᠪᠡ᠃ ᠬᠤᠷᠠᠯ ᠠᠴᠠ ᠪᠠᠰᠠ ᠣᠶᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号