︽119︾ ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠢᠷᠡᠯ᠎ᠡ
ᠨᠡᠶᠢᠲᠡᠯᠡᠭᠰᠡᠨ ᠴᠠᠭ᠄
2023/11/10
   2023 ᠣᠨ ᠤ 11 ᠰᠠᠷ᠎ᠠ ᠶᠢᠨ 9 ᠤ ᠡᠳᠦᠷ ᠪᠣᠯ ᠪᠥᠬᠦ ᠤᠯᠤᠰ ᠤᠨ ᠭᠤᠴᠢᠨ ᠬᠤᠶᠠᠳᠠᠬᠢ ᠭᠠᠯ ᠰᠡᠷᠭᠡᠶᠢᠯᠡᠬᠦ ᠤᠬᠠᠭᠤᠯᠭ᠎ᠠ ᠶᠢᠨ ᠡᠳᠦᠷ ᠪᠠᠶᠢᠵᠤ  ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠠᠮᠢ ᠨᠠᠰᠤ ᠶᠢ ᠡᠷᠬᠢᠮᠨᠡᠨ ᠳᠡᠭᠡᠳᠦᠯᠡᠬᠦ︾ ᠪᠤᠯ ᠡᠨᠡ ᠵᠢᠯ ᠤᠨ  ︽ᠭᠠᠯ  ᠰᠡᠷᠭᠡᠶᠢᠯᠡᠬᠦ ᠡᠳᠦᠷ︾ ᠤᠨ ᠭᠤᠣᠯ ᠰᠡᠳᠦᠪ ᠪᠣᠯᠣᠨ᠎ᠠ᠃ ᠠᠷᠠᠳ ᠢᠷᠭᠡᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠭᠠᠯ ᠰᠡᠷᠭᠡᠶᠢᠯᠡᠬᠦ ᠮᠡᠳᠡᠯᠭᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ 11 ᠰᠠᠷ᠎ᠠ ᠶᠢᠨ 9 ᠤ ᠡᠳᠦᠷ  ᠲᠠᠶᠢᠹᠤᠰᠧ ᠬᠤᠰᠢᠭᠤ ᠨᠢ 2023 ᠣᠨ ᠤ ︽119︾ ᠭᠠᠯ  ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢ ᠡᠬᠢᠯᠡᠬᠦᠯᠪᠡ᠃ ᠡᠬᠢᠯᠡᠯᠳᠡ ᠶᠢᠨ ᠶᠤᠰᠤᠯᠠᠯ ᠲᠡᠭᠡᠷ᠎ᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ  ᠬᠤᠰᠢᠭᠤ ᠤᠯᠠᠭᠠᠨᠮᠥ᠋ᠴᠢᠷ ᠲᠠᠢ ᠬᠠᠮᠲᠤᠷᠠᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠬᠠᠢ ᠬᠡᠶᠢᠰᠪᠦᠷᠢ ᠮᠡᠳᠡᠯᠭᠡ ᠶᠢ ᠪᠣᠳᠠᠲᠠᠢ᠂ ᠠᠮᠢᠳᠤᠯᠢᠭ᠂ ᠳᠦᠷᠰᠦᠯᠢᠭ ᠲᠣᠭᠯᠠᠯᠲᠠ ᠪᠣᠯᠭᠠᠨ ᠬᠤᠪᠢᠷᠠᠭᠤᠯᠵᠤ᠂ ᠭᠠᠯ ᠤᠨᠲᠠᠷᠠᠭᠠᠬᠤ ᠮᠡᠳᠡᠯᠭᠡ ᠶᠢ ᠨᠠᠩ ᠲᠥᠬᠦᠮ ᠣᠶᠢᠯᠠᠭᠠᠮᠵᠢᠲᠠᠢ  ᠪᠤᠯᠭᠠᠭᠠᠳ᠂  ᠢᠷᠡᠵᠦ ᠶᠠᠪᠤᠬᠤ ᠣᠯᠠᠨ ᠲᠦᠮᠡᠨ ᠤ ᠠᠩᠬᠠᠷᠤᠯ ᠢ ᠲᠠᠳᠠᠭᠰᠠᠨ ᠪᠠᠶᠢᠯ᠎ᠠ᠃ ᠠᠪᠤᠷᠠᠨ ᠲᠤᠰᠠᠯᠠᠬᠤ ᠶᠡᠭᠡ ᠠᠩᠬᠢ ᠶᠢᠨ ᠠᠵᠢᠯᠲᠠᠳ ᠪᠠᠰᠠ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠯ ᠰᠡᠷᠭᠡᠶᠢᠯᠡᠬᠦ ᠮᠡᠳᠡᠯᠭᠡ ᠶᠢ  ᠤᠯᠠᠨ ᠲᠦᠮᠡᠨ ᠳᠤ ᠲᠠᠶᠢᠯᠪᠤᠷᠢᠯᠠᠵᠤ ᠦᠭᠬᠦᠭᠰᠡᠨ ᠪᠦᠭᠡᠳ ᠲᠡᠯᠬᠡᠬᠦᠷ ᠬᠤᠳᠠᠯᠳᠤᠭ᠎ᠠ ᠪᠠᠷ ᠬᠦᠨᠵᠡᠬᠡᠶᠢᠷᠡᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ   ᠢ ᠬᠡᠷᠡᠭᠯᠡᠬᠦ ᠠᠷᠭ᠎ᠠ᠂ ᠠᠩᠬᠠᠷᠬᠤ ᠵᠦᠢᠯ ᠪᠣᠯᠣᠨ ᠪᠠᠴᠢᠮ ᠪᠠᠶᠢᠳᠠᠯ   ᠢ ᠠᠷᠭᠠᠴᠠᠵᠤ ᠥᠪᠡᠷ ᠢ ᠪᠠᠨ ᠠᠪᠤᠷᠠᠬᠤ ᠶᠡᠷᠦ   ᠶᠢᠨ ᠮᠡᠳᠡᠯᠭᠡ   ᠶᠢ  ᠲᠠᠨᠢᠯᠴᠠᠭᠤᠯᠤᠨ᠂  ᠭᠠᠯ ᠴᠠᠬᠢᠯᠭᠠᠨ ᠬᠡᠢ   ᠶᠢᠨ ᠠᠮᠤᠷ ᠲᠦᠪᠰᠢᠨ ᠢ ᠠᠩᠬᠠᠷᠴᠤ᠂ ᠡᠳᠦᠷ ᠲᠤᠲᠤᠮ ᠤᠨ ᠪᠠᠶᠢᠴᠠᠭᠠᠯᠲᠠ ᠪᠠᠨ ᠴᠢᠩᠭᠠᠳᠬᠠᠨ᠂ ᠬᠠᠷᠢᠭᠤᠴᠠᠯᠭ᠎ᠠ   ᠶᠢᠨ ᠤᠬᠠᠮᠰᠠᠷ ᠪᠣᠯᠣᠨ ᠲᠦᠭᠰᠢᠭᠦᠷᠢ   ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ  ᠰᠠᠨᠠᠭᠤᠯᠪᠠ᠃  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠭᠠᠯ  ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠨᠠᠩ ᠣᠯᠠᠨ ᠬᠦᠮᠦᠰ ᠲᠤ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠡᠵᠡᠮᠰᠢᠬᠦᠯᠦᠨ᠂ ᠠᠮᠤᠷ ᠲᠦᠪᠰᠢᠨ ᠤ ᠦᠵᠡᠯ ᠤᠬᠠᠮᠰᠠᠷ ᠢ ᠨᠢ  ᠲᠡᠭᠡᠭᠰᠢᠯᠡᠬᠦᠯᠵᠡᠢ᠃ ᠲᠠᠷᠠᠭᠠᠴᠢ ᠶᠢᠨ ᠨᠢᠭᠡ ᠰᠠᠷ᠎ᠠ ᠳᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ︽ᠲᠠᠪᠤ ᠶᠢ ᠣᠷᠣᠭᠤᠯᠬᠤ︾ ᠵᠡᠷᠭᠡ ᠰᠢᠷᠢᠰ ᠠᠵᠢᠯᠯᠠᠭ᠎ᠠ ᠶᠢ ᠢᠳᠡᠪᠬᠢᠳᠡᠢ᠂  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠢᠯᠡᠬᠦᠦ ᠪᠠᠬᠢᠵᠢᠬᠦᠯᠦᠨ ᠴᠤᠭᠴᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号