11 ᠰᠠᠷ᠎ᠠ ᠶᠢᠨ 9 ᠤ ᠡᠳᠦᠷ᠂ ᠪᠤᠤᠴᠠᠩ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠠᠬᠢᠭᠤᠯᠬᠤ ᠬᠤᠷᠠᠯ ᠬᠢᠵᠦ᠂ 2024 ᠣᠨ ᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠲᠠᠬᠢᠨᠳᠠ ᠪᠠᠶᠢᠷᠢᠯᠠᠭᠤᠯᠤᠯᠲᠠ | ᠬᠢᠵᠡᠢ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠽᠦᠸᠧ ᡁᠢ ᠭᠦᠸᠧ ᠬᠤᠷᠠᠯ ᠢ ᠡᠷᠭᠢᠯᠡᠵᠦ | ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ᠂ | ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠵᠠᠩ ᡁᠢ ᠪᠢᠨ ᠵᠢᠴᠢ ᠦᠨᠳᠦᠷ | ᠪᠠᠷᠢᠮᠵᠢᠶᠠᠲᠤ ᠲᠠᠷᠢᠶᠠᠨ ᠭᠠᠵᠠᠷ ᠤᠨ ᠦᠬᠡᠷᠡᠴᠢᠯᠡᠯᠳᠡ ᠶᠢᠨ ᠲᠤᠷᠰᠢᠯᠲᠠ ᠬᠢᠬᠦ ᠲᠣᠰᠬᠤᠨ ᠤ ᠬᠠᠷᠢᠭᠤᠴᠠᠯᠭᠠᠲᠠᠨ ᠨᠠᠷ | ᠬᠤᠷᠠᠯ ᠳᠤ ᠤᠷᠤᠯᠴᠠᠪᠠ᠃ ᠽᠦᠸᠧ ᡁᠢ ᠭᠦᠸᠧ ᠠᠴᠠ᠂ ᠲᠦᠷᠦᠯ ᠵᠦᠢᠯ ᠤᠨ ᠠᠵᠠ ᠲᠣᠬᠢᠶᠠᠯ ᠢ ᠡᠵᠡᠮᠳᠡᠵᠦ᠂ | ᠲᠦᠷᠦᠯ ᠵᠦᠢᠯ ᠤᠨ ᠬᠡᠷᠡᠭᠵᠢᠭᠦᠯᠦᠯᠲᠡ ᠳᠤ ᠢᠳᠡᠪᠬᠢᠲᠡᠢ ᠬᠠᠮᠵᠢᠯᠴᠠᠨ᠂ ᠲᠦᠷᠦᠯ ᠵᠦᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ ᠶᠢᠨ ᠦᠷ᠎ᠡ ᠠᠰᠢᠭ ᠢ | ᠢᠷᠡᠬᠦ ᠬᠠᠪᠤᠷ ᠠᠷᠠᠳ ᠢᠷᠭᠡᠳ ᠲᠤ ᠡᠳ᠋ᠯᠡᠭᠦᠯᠬᠦ ᠪᠠᠷ ᠴᠢᠷᠮᠠᠶᠢᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ | ᠤᠬᠠᠭᠤᠯᠭ᠎ᠠ ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠡᠯ᠎ᠡ ᠲᠣᠰᠬᠤᠨ ᠤ ᠬᠢᠨ ᠬᠤᠷᠠᠯ | ᠴᠤᠭᠯᠠᠭᠠᠨ ᠡᠷᠬᠢᠯᠡᠬᠦ᠂ ᠡᠷᠦᠬᠡ ᠲᠤᠭᠤᠷᠢᠵᠤ ᠰᠤᠷᠪᠤᠯᠵᠢᠯᠠᠬᠤ᠂ ᠸᠢᠴᠠᠲ ᠲᠠᠪᠴᠠᠩ ᠢ ᠠᠰᠢᠭᠯᠠᠬᠤ ᠵᠡᠷᠭᠡ ᠠᠷᠭ᠎ᠠ | ᠮᠠᠶ᠋ᠢᠭ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠬᠡᠷᠡᠴᠢᠯᠡᠯᠳᠡ ᠶᠢᠨ ᠲᠥᠷᠥ ᠶᠢᠨ ᠪᠣᠳᠣᠯᠭ᠎ᠠ ᠶᠢ | ᠤᠬᠠᠭᠤᠯᠤᠨ᠂ ᠦᠵᠡᠯ ᠰᠠᠨᠠᠭᠠᠨ ᠤ ᠠᠵᠢᠯ ᠢ ᠰᠠᠶᠢᠨ ᠬᠢᠵᠦ᠂ ᠦᠬᠡᠷᠡᠴᠢᠯᠡᠯᠳᠡ ᠶᠢᠨ ᠠᠵᠢᠯ ᠤᠨ ᠴᠢᠬᠤᠯᠠ ᠠᠴᠢ | ᠬᠤᠯᠪᠣᠭᠳᠠᠯ ᠢ ᠲᠠᠨᠢᠭᠤᠯᠤᠨ᠂ ᠬᠥᠮᠥᠨ ᠪᠦᠬᠦᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ ᠲᠠᠶᠢᠹᠤᠰᠧ ᠬᠤᠰᠢᠭᠤᠨ ᠤ ᠵᠥᠩ ᠬᠠᠨ ᠠᠮᠢ ᠠᠬᠤᠢ ᠶᠢᠨ ᠲᠠᠷᠢᠶᠠᠯᠠᠩ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠢᠶᠠᠩ ᠽᠢ ᠸᠠᠩ ᠠᠴᠠ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠦᠬᠡᠷᠡᠴᠢᠯᠡᠯᠳᠡ ᠶᠢᠨ ᠲᠦᠷᠦᠯ ᠵᠦᠢᠯ ᠤᠨ ᠦᠨᠳᠦᠰᠦᠨ ᠪᠠᠶᠢᠳᠠᠯ ᠵᠢᠴᠢ | ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠ ᠪᠣᠳᠠᠲᠠᠢ ᠴᠠᠭ ᠬᠤᠭᠤᠴᠠᠭ᠎ᠠ ᠵᠡᠷᠭᠡ ᠶᠢ ᠲᠠᠨᠢᠯᠴᠠᠭᠤᠯᠵᠤ | ᠂ ᠡᠯ᠎ᠡ ᠲᠤᠰᠬᠤᠨ ᠤ ᠳᠤᠷᠠᠳᠤᠭᠰᠠᠨ ᠠᠰᠠᠭᠤᠳᠠᠯ ᠳᠤ ᠨᠠᠷᠢᠨ ᠲᠣᠳᠣᠷᠬᠠᠢ ᠬᠠᠷᠢᠭᠤᠯᠲᠠ ᠦᠭᠴᠡᠢ᠃ | ᠲᠠᠷᠠᠭᠠᠴᠢ ᠶᠢᠨ ᠠᠯᠬᠤᠮ ᠳᠤ᠂ ᠪᠤᠤᠴᠠᠩ ᠪᠠᠯᠭᠠᠰᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠦᠬᠡᠷᠡᠴᠢᠯᠡᠯᠳᠡ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠬᠥᠭᠵᠢᠯᠲᠡ ᠶᠢᠨ ᠨᠥᠬᠦᠴᠡᠯ ᠢ ᠤᠯᠠᠮ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠨ᠂ ᠲᠠᠷᠢᠶᠠᠨ ᠭᠠᠵᠠᠷ ᠤᠨ ᠰᠠᠭᠤᠷᠢ | ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠰᠠᠶᠢᠨ ᠲᠠᠷᠢᠶᠠᠨ ᠭᠠᠵᠠᠷ ᠢ ᠠᠮᠤ ᠪᠤᠳᠠᠭ᠎ᠠ ᠳᠤ | ᠭᠡᠷᠡᠭᠯᠡᠬᠦ︾ ᠶᠢ ᠪᠡᠶᠡᠯᠡᠬᠦᠯᠦᠨ᠂ ᠲᠠᠷᠢᠶᠠᠨ ᠤ ᠤᠨᠠᠯᠳᠠ ᠭᠠᠷᠤᠯᠳᠠ ᠶᠢ ᠨᠡᠮᠡᠭᠳᠡᠬᠦᠯᠬᠦ᠂ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠬᠦᠯᠬᠦ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠬᠦᠯᠬᠦ ᠳᠤ ᠬᠦᠴᠦᠨ ᠨᠡᠮᠡᠷᠢᠯᠡᠬᠦ ᠪᠠᠷ | ᠪᠠᠶᠢᠨ᠎ᠠ᠃ |