11 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ ᠪᠤᠤᠴᠠᠩ ᠪᠠᠯᠭᠠᠰᠤᠨ ᠤ ᠬᠡᠰᠡᠭ ᠤᠳᠤᠷᠢᠳᠬᠤ | ᠪᠠᠭ ᠤᠨ ᠭᠡᠰᠢᠬᠦᠳ᠂ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠨᠡᠷ ᠢ ᠵᠤᠬᠢᠶᠠᠨ | ᠪᠠᠶᠢᠭᠤᠯᠵᠤ ᠪᠡᠭᠡᠵᠢᠩ ᠬᠤᠳᠠ ᠶᠢᠨ ᠹᠧᠩ ᠲᠠᠢ ᠲᠣᠭᠤᠷᠢᠭ᠂ ᠴᠠᠩ ᠫᠢᠩ ᠲᠣᠭᠤᠷᠢᠭ ᠲᠤ ᠬᠦᠷᠴᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨᠵᠢᠯᠡᠨ ᠪᠠᠶᠢᠴᠠᠭᠠᠬᠤ ᠪᠠ ᠠᠷᠠᠯᠵᠢᠶᠠᠴᠢᠨ ᠤᠷᠢᠬᠤ | ᠠᠵᠢᠯᠯᠠᠭ᠎ᠠ ᠥᠷᠨᠢᠭᠦᠯᠵᠡᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳᠠᠪᠠᠷ ᠪᠡᠭᠡᠵᠢᠩ ᠬᠤᠳᠠ ᠶᠢᠨ ᠯᠢᠦ | ᠪᠢ ᠵᠢᠦᠢ ᠲᠠᠪᠤᠰᠤᠯᠠᠭᠰᠠᠨ ᠨᠤᠭᠤᠭᠠᠨ ᠤ ᠦᠢᠯᠡᠳᠪᠦᠷᠢ ᠳᠤ ᠬᠦᠷᠴᠦ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠤᠯᠢᠯᠴᠠᠨ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠪᠠᠶᠢᠳᠠᠯ᠂ | ᠲᠠᠪᠤᠰᠤᠯᠠᠬᠤ ᠳᠤ ᠬᠡᠷᠡᠭᠰᠡᠬᠦ ᠢᠳᠡᠰᠢᠨ ᠨᠣᠭᠤᠭ᠎ᠠ ᠪᠠ ᠶᠠᠰᠤ ᠴᠢᠨᠠᠷ ᠤᠨ ᠱᠠᠭᠠᠷᠳᠠᠯᠭ᠎ᠠ ᠵᠡᠷᠭᠡ ᠲᠠᠯ᠎ᠠ ᠪᠠᠷ ᠨᠠᠷᠢᠨ | ᠤᠶᠢᠯᠠᠭᠠᠭᠰᠠᠨ ᠪᠠᠶᠢᠨ᠎ᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠹᠧᠩ ᠲᠠᠢ ᠲᠣᠭᠤᠷᠢᠭ ᠤᠨ ᠸᠠᠩ | ᠽᠦᠸᠧ ᠪᠠᠯᠭᠠᠰᠤ ᠶᠢᠨ ᠰᠢ ᠵᠤᠸᠠᠩ ᠳ᠋ᠢᠶᠠᠨ ᠲᠤᠰᠬᠤᠨ᠂ ᠳ᠋ᠢᠶᠠᠨ ᠴᠢ ᠲᠣᠰᠬᠤᠨ ᠢᠶᠠᠷ ᠲᠣᠭᠤᠷᠢᠨ ᠦᠵᠡᠵᠦ᠂ | ᠬᠤᠶᠠᠷ ᠲᠣᠰᠬᠤᠨ ᠤ ᠣᠨᠴᠠᠯᠢᠭᠲᠤ ᠡᠬᠢ ᠪᠠᠶᠠᠯᠢᠭ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠭᠰᠠᠨ ᠬᠦᠭᠵᠢᠯᠳᠡ᠂ ᠰᠡᠯᠡᠭᠦᠴᠡᠯ ᠤᠨ ᠲᠠᠷᠢᠶᠠᠯᠠᠩ᠂ ᠲᠦᠯᠦᠪᠵᠢᠬᠦᠯᠭᠡ ᠪᠡ ᠪᠡᠯᠡ ᠣᠷᠣᠭᠤᠯᠤᠯᠲᠠ | ᠶᠢᠨ ᠪᠠᠶᠢᠳᠠᠯ ᠵᠡᠷᠭᠡ ᠶᠢ ᠰᠢᠨᠵᠢᠯᠡᠨ ᠪᠠᠶᠢᠴᠠᠭᠠᠭᠰᠠᠨ ᠪᠦᠭᠡᠳ ᠴᠠᠩ ᠫᠢᠩ ᠲᠣᠭᠤᠷᠢᠭ ᠤᠨ ᠰᠢᠶᠣᠣ ᠲᠠᠩ ᠱᠠᠨ | ᠪᠠᠯᠭᠠᠰᠤᠨ ᠳᠤ ᠬᠦᠷᠴᠦ ᠤᠨᠴᠠᠯᠢᠭ ᠳᠠᠪᠠᠭᠤᠯᠢᠭ ᠢᠶᠠᠨ ᠪᠠᠳᠠᠷᠠᠭᠤᠯᠵᠤ᠂ ᠲᠠᠷᠢᠶᠠᠯᠠᠩ ᠪᠠ ᠰᠣᠶᠣᠯ ᠵᠢᠭᠤᠯᠴᠢᠯᠠᠯ | ᠢ ᠠᠭᠤᠰᠤᠯᠴᠠᠭᠤᠯᠤᠨ ᠬᠦᠭᠵᠢᠬᠦᠯᠦᠭᠰᠡᠨ ᠲᠤᠬᠠᠢ ᠰᠢᠨᠵᠢᠯᠡᠨ ᠪᠠᠶᠢᠴᠠᠭᠠᠵᠤ ᠠᠷᠭ᠎ᠠ ᠲᠤᠷᠰᠢᠯᠭ᠎ᠠ ᠶᠢ ᠨᠢ | ᠰᠤᠷᠤᠯᠴᠠᠪᠠ᠃ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠤᠷᠤᠯᠴᠠᠭᠰᠠᠨ ᠦᠨᠳᠦᠰᠦᠨ ᠱᠠᠳᠤᠨ ᠤ ᠺᠠᠳ᠋ᠷᠴᠤᠳ | ᠠᠷᠭ᠎ᠠ ᠲᠤᠷᠰᠢᠯᠭ᠎ᠠ ᠰᠤᠷᠴᠤ᠂ ᠵᠦᠷᠢᠶ᠎ᠡ ᠲᠤᠳᠠᠭᠳᠠᠯ ᠢᠶᠠᠨ ᠲᠠᠨᠢᠵᠤ᠂ ᠬᠠᠷᠠᠭ᠎ᠠ ᠲᠡᠯᠡᠵᠦ ᠰᠡᠳᠬᠢᠴᠡ ᠪᠠᠨ | ᠦᠷᠭᠡᠳᠭᠡᠨ᠂ ᠠᠵᠢᠯ ᠬᠢᠵᠦ ᠦᠢᠯᠡᠰ ᠪᠦᠳᠦᠭᠡᠬᠦ ᠡᠷᠴᠢ ᠵᠣᠷᠢᠭ ᠢᠶᠠᠨ ᠴᠢᠩᠭᠠᠯᠠᠭᠠᠳ ︽ᠬᠠᠷᠢᠭᠰᠠᠨ ᠤ ᠲᠠᠷᠠᠭ᠎ᠠ | ᠦᠵᠡᠵᠦ ᠰᠣᠨᠣᠰᠤᠭᠰᠠᠨ ᠦᠪᠯᠡᠵᠦ ᠰᠤᠷᠤᠯᠴᠠᠭᠰᠠᠨ ᠠᠷᠭ᠎ᠠ ᠲᠤᠷᠰᠢᠯᠭ᠎ᠠ ᠪᠠᠨ ᠠᠵᠢᠯ ᠤᠨ ᠳᠤᠮᠳᠠ ᠪᠠᠨ | ᠨᠠᠶᠢᠳᠠᠪᠤᠷᠢᠵᠢᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠦᠳᠦᠭᠡᠬᠦ ᠬᠦᠴᠦᠷᠬᠡᠭ | ᠶᠡᠭᠡ ᠬᠥᠳᠡᠯᠭᠡᠬᠦ ᠬᠦᠴᠦᠨ ᠪᠤᠯᠭᠠᠵᠤ ᠬᠤᠪᠢᠷᠠᠭᠤᠯᠤᠨ᠂ ᠪᠤᠤᠴᠠᠩ ᠪᠠᠯᠭᠠᠰᠤᠨ ᠤ ᠪᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠬᠦᠳᠬᠦ ᠪᠠᠷ | ᠴᠢᠷᠮᠠᠶᠢᠨ᠎ᠠ︾ ᠭᠡᠵᠦ ᠢᠳᠡᠭᠡᠯ ᠵᠤᠷᠢᠭ ᠢᠶᠠᠨ ᠢᠯᠡᠷᠬᠡᠶᠢᠯᠡᠵᠡᠭᠡᠨ᠎ᠡ᠃ |